ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 2022 ᠣᠨ ᠤ ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ ᠶᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2022/11/30
       ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 2022 ᠣᠨ ᠤ ᠬᠢᠨᠠᠯᠲᠠ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠳᠦᠭᠡ ᠮᠠᠨ  ᠤ ᠲᠣᠪᠴᠢᠶ᠎ᠠ ᠶᠢᠨ ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ ᠳᠤ ᠬᠤᠯᠪᠣᠭᠳᠠᠬᠤ ᠨᠢᠭᠡᠴᠢ᠂ ᠪᠠᠶᠢᠴᠠᠭᠠᠯᠲᠠ ᠶᠢᠨ ᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄    ᠨᠢᠭᠡ᠂ ᠪᠠᠶᠢᠴᠠᠭᠠᠭᠳᠠᠬᠤ  ᠨᠢᠭᠡᠴᠢ᠄ ᠠᠤᠬᠠᠨ ᠬᠤᠰᠢᠭᠤᠨ ᠤ  ᠰᠠᠯᠪᠤᠷᠢ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠠᠤᠬᠠᠨ ᠬᠤᠰᠢᠭᠤᠨ ᠤ ᠰᠧ ᠳ᠋ᠤᠤ ᠸᠠᠨ ᠽᠢ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠠᠤᠬᠠᠨ ᠬᠤᠰᠢᠭᠤᠨ ᠤ ᠬᠤᠸᠠᠩ ᠶᠠᠩ ᠸᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠠᠤᠬᠠᠨ ᠬᠤᠰᠢᠭᠤᠨ ᠤ ᠰᠠᠨ ᠢ ᠵᠢᠩ ᠣᠶ ᠰᠢᠭᠤᠶ ᠶᠢᠨ ᠲᠠᠯᠠᠪᠠᠶ᠂ ᠠᠤᠬᠠᠨ ᠬᠤᠰᠢᠭᠤᠨ ᠤ  ᠬᠠᠮ  ᠵᠠᠭᠤᠴᠢᠯᠠᠭᠤᠷ ᠤᠨ ᠲᠥᠪ    ᠬᠤᠶᠠᠷ᠂ ᠪᠠᠶᠢᠴᠠᠭᠠᠬᠤ ᠴᠠᠭ᠄ 2022 ᠣᠨ ᠤ 12 ᠰᠠᠷ᠎ᠠ ᠶᠢᠨ 5 ᠤ ᠡᠳᠦᠷ ᠠᠴᠠ 12 ᠰᠠᠷ᠎ᠠ ᠶᠢᠨ 15 ᠤ ᠡᠳᠦᠷ ᠪᠣᠯᠲᠠᠯ᠎ᠠ    ᠭᠤᠷᠪᠠ᠂ ᠪᠠᠶᠢᠴᠠᠭᠠᠬᠤ ᠠᠭᠤᠯᠭ᠎ᠠ ᠪᠠ ᠭᠤᠣᠯᠳᠠᠯᠭ᠎ᠠ᠄    ᠪᠠᠶᠢᠴᠠᠭᠠᠬᠤ ᠠᠭᠤᠯᠭ᠎ᠠ ᠨᠢ ᠭᠤᠣᠯᠳᠠᠭᠤ 2020᠂ 2021 ᠣᠨ ᠤ ᠣᠷᠣᠨ ᠨᠤᠲᠤᠭ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠠᠷ ᠪᠠᠶᠢᠴᠠᠭᠠᠬᠤ᠂ ᠨᠢᠭᠲᠠᠯᠠᠨ ᠪᠤᠳᠤᠭᠴᠢ ᠶᠢᠨ ᠮᠡᠳᠡᠭᠡ ᠵᠠᠩᠭᠢ ᠶᠢᠨ ᠶᠠᠰᠤ ᠴᠢᠨᠠᠷ ᠢ ᠪᠠᠶᠢᠴᠠᠭᠠᠬᠤ᠂ ᠳᠣᠲᠣᠭᠠᠳᠤ ᠶᠢᠨ ᠡᠵᠡᠮᠳᠡᠯ ᠤᠨ ᠲᠦᠷᠢᠮ ᠢ ᠪᠠᠶᠢᠴᠠᠭᠠᠬᠤ ᠵᠡᠷᠭᠡ ᠪᠣᠯᠤᠨ᠎ᠠ᠃    ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠥᠷᠭᠡᠨ ᠤᠯᠠᠨ ᠺᠠᠳ᠋ᠷ ᠤᠯᠠᠨ ᠲᠦᠮᠡᠨ ᠤ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠬᠤᠯᠪᠣᠭᠳᠠᠭᠰᠠᠨ ᠰᠦᠪᠡᠭᠴᠢ ᠶᠢ ᠬᠠᠩᠭᠠᠬᠤ ᠶᠢ ᠪᠠᠶᠠᠷᠯᠠᠨ  ᠤᠭᠲᠤᠵᠤ ᠪᠠᠶᠢᠨ᠎ᠠ᠃    ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠤᠲᠠᠰᠤ᠄ 0476 — 4322231    ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ    2022 ᠣᠨ ᠤ 11 ᠰᠠᠷ᠎ᠠ ᠶᠢᠨ 29
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号