ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ
ᠨᠡᠶᠢᠲᠡᠯᠡᠭᠰᠡᠨ ᠴᠠᠭ᠄
2022/11/30
       ᠲᠣᠰ ᠮᠡᠳᠡᠭᠦᠯᠦᠯᠲᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠪᠣᠯᠤᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠨᠠᠶᠢᠷᠠᠭᠤᠯᠤᠨ ᠵᠣᠬᠢᠶᠠᠪᠠ᠃ ᠮᠡᠳᠡᠭᠦᠯᠦᠯᠲᠡ ᠶᠢᠨ ᠪᠦᠬᠦ ᠠᠭᠤᠯᠭ᠎ᠠ ᠳᠤ ᠶᠡᠷᠦᠩᠬᠡᠶ ᠪᠠᠶᠢᠳᠠᠯ ᠢ ᠪᠠᠭᠲᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠠᠴᠠ ᠪᠣᠯᠵᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ  ᠪᠠᠷ ᠭᠤᠶᠤᠴᠢᠯᠠᠭᠰᠠᠨ᠂ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠦᠯᠬᠦ ᠴᠢᠬᠤᠯᠠ ᠲᠠᠢ ᠵᠦᠢᠯᠡᠰ ᠵᠡᠷᠭᠡ ᠵᠢᠷᠭᠤᠭᠠᠨ ᠬᠡᠰᠡᠭ ᠪᠣᠯᠤᠨ᠎ᠠ᠃ ᠲᠣᠰ ᠮᠡᠳᠡᠭᠦᠯᠦᠯᠲᠡ ᠳᠤ ᠵᠢᠭᠰᠠᠭᠠᠭᠰᠠᠨ ᠲᠤᠭ᠎ᠠ ᠪᠠᠷᠢᠮᠲᠠ ᠶᠢᠨ ᠪᠦᠷᠢᠳᠬᠡᠬᠦ ᠬᠤᠭᠤᠴᠠᠭ᠎ᠠ ᠶᠢ 2021 ᠣᠨ ᠤ 1 ᠰᠠᠷ᠎ᠠ ᠶᠢᠨ 1 ᠤ ᠡᠳᠦᠷ ᠠᠴᠠ 2021 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠡᠯᠧᠺᠲᠷᠣᠨ ᠬᠡᠪᠯᠡᠯ ᠢ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠫᠤᠷᠲ᠋ᠧᠯ ᠰᠦᠯᠵᠢᠶ᠎ᠡ ᠳᠤ ᠪᠥᠬᠦ ᠠᠭᠤᠯᠭ᠎ᠠ ᠪᠠᠷ ᠨᠢ ᠨᠡᠶᠢᠲᠡᠯᠡᠨ᠎ᠡ᠂ ᠬᠡᠷᠪᠡ ᠲᠣᠰ ᠮᠡᠳᠡᠭᠦᠯᠦᠯᠲᠡ ᠳᠤ ᠮᠠᠳᠠᠭ ᠲᠠᠢ ᠪᠣᠯ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠪ ᠲᠠᠢ ᠬᠠᠷᠢᠯᠴᠠᠭᠠᠷᠠᠶ ︵ᠬᠠᠶ᠋ᠢᠭ᠄ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠮᠣ ᠠᠰᠠᠷ ᠤᠨ 422 ᠥᠷᠥᠭᠡ︔ ᠰᠢᠦᠳᠠᠨ ᠳ᠋ᠤᠭᠠᠷ᠄ 024300 ᡽ ᠤᠲᠠᠰᠤ᠄ 0476-4322588︶᠃    ᠨᠢᠭᠡ᠂ ᠶᠡᠷᠦᠩᠬᠡᠶ ᠪᠠᠶᠢᠳᠠᠯ    2021 ᠣᠨ ᠳᠤ᠂ ᠪᠥᠬᠦ ᠬᠤᠰᠢᠭᠤ ᠪᠠᠷ ᠢᠶᠠᠨ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ᠬᠥᠳᠡᠯᠦᠩᠭᠦᠶ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ 5633 ᠨᠡᠶᠢᠲᠡᠯᠡᠪᠡ᠂ ᠡᠭᠦᠨ ᠳᠤ᠄ ᠪᠥᠬᠦ ᠬᠤᠰᠢᠭᠤᠨ ᠤ ᠴᠢᠨᠠᠷᠲᠠᠶ ᠮᠡᠳᠡᠭᠡ ᠵᠠᠩᠭᠢ 224᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠮᠡᠳᠡᠭᠡ ᠵᠠᠩᠭᠢ 1766᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠮᠡᠳᠡᠭᠡ ᠵᠠᠩᠭᠢ 3359 ᠂ ᠬᠠᠷᠠᠭᠠᠨ ᠳᠠᠪᠲᠠᠮᠵᠢ ᠶᠢᠨ ᠮᠡᠳᠡᠭᠡ ᠵᠠᠩᠭᠢ 53᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ 261 ᠪᠣᠶ︔ ᠡᠭᠦᠨ ᠳᠤ ᠪᠥᠬᠦ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠮᠡᠳᠡᠭᠡ ᠵᠠᠩᠭᠢ 1766᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠮᠡᠳᠡᠭᠡ ᠵᠠᠩᠭᠢ 3359᠂ ᠬᠠᠷᠠᠭᠠᠨ ᠳᠠᠪᠲᠠᠮᠵᠢ ᠶᠢᠨ ᠮᠡᠳᠡᠭᠡ ᠵᠠᠩᠭᠢ 53 ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ 261 ᠪᠣᠶ︔ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ ᠳᠡᠮᠵᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠥᠷᠥᠯ ᠤᠨ 1092 ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ᠂ ᠡᠭᠦᠨ ᠳᠤ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ 415 ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ 125᠂ ᠮᠡᠳᠡᠭᠳᠡᠯ ᠠᠯᠪᠠᠨ ᠵᠠᠷ 125᠂ ᠡᠳ᠋ ᠤᠨ ᠵᠠᠰᠠᠭ ᠤᠨ ᠮᠡᠳᠡᠭᠡ ᠵᠠᠩᠭᠢ 193᠂ ᠨᠠᠮ ᠵᠠᠰᠠᠭ ᠤᠨ ᠪᠢᠴᠢᠭ ᠮᠠᠲ᠋ᠧᠷᠢᠶᠠᠯ 26᠂ ᠪᠤᠰᠤᠳ ᠨᠢ 208 ᠪᠣᠶ︔ ᠡᠭᠦᠨ ᠳᠤ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ 415᠂  ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ 125 ᠂ ᠮᠡᠳᠡᠭᠳᠡᠯ ᠠᠯᠪᠠᠨ ᠵᠠᠷ 125᠂ ᠡᠳ᠋ ᠤᠨ ᠵᠠᠰᠠᠭ ᠤᠨ ᠮᠡᠳᠡᠭᠡ ᠵᠠᠩᠭᠢ 193᠂ ᠨᠠᠮ ᠵᠠᠰᠠᠭ ᠤᠨ ᠪᠢᠴᠢᠭ ᠮᠠᠲ᠋ᠧᠷᠢᠶᠠᠯ 26᠂ ᠪᠤᠰᠤᠳ ᠨᠢ 208 ᠪᠣᠶ︔ ᠬᠤᠰᠢᠭᠤᠨ ᠤ ᠵᠠᠰᠠᠭ ᠤᠨ ᠣᠷᠳᠣᠨ ᠤ  ᠫᠤᠷᠲ᠋ᠧᠯ ᠰᠦᠯᠵᠢᠶ᠎ᠡ ᠶᠢᠨ ᠮᠣᠩᠭᠤᠯ ᠰᠦᠯᠵᠢᠶ᠎ᠡ ᠪᠠᠷ ᠳᠡᠮᠵᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ 1400 ᠵᠤᠷᠪᠤᠰ ᠢᠯᠡ ᠪᠣᠯᠭᠠᠪᠠ᠂ ᠡᠭᠦᠨ ᠳᠤ᠄ ᠲᠦᠷᠦᠭᠦᠤ ᠮᠡᠳᠡᠭᠡ ᠵᠠᠩᠭᠢ ᠶᠢ 217 ᠵᠤᠷᠪᠤᠰ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢ 200 ᠵᠤᠷᠪᠤᠰ ᠢᠯᠡ ᠪᠣᠯᠭᠠᠵᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠢ 568 ᠵᠤᠷᠪᠤᠰ ᠢᠯᠡ ᠪᠣᠯᠭᠠᠵᠤ᠂ ᠵᠠᠰᠠᠭ ᠤᠨ ᠣᠷᠳᠣᠨ ᠤ ᠮᠡᠳᠡᠭᠳᠡᠯ ᠵᠠᠷ ᠤᠨ ᠲᠥᠷᠥᠯ ᠤᠨ ᠮᠡᠳᠡᠭᠡ ᠵᠠᠩᠭᠢ ᠶᠢ 15 ᠵᠤᠷᠪᠤᠰ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠪᠤᠰᠤᠳ ᠮᠡᠳᠡᠭᠡ ᠵᠠᠩᠭᠢ ᠶᠢ 400 ᠵᠤᠷᠪᠤᠰ ᠢᠯᠡ ᠪᠣᠯᠭᠠᠪᠠ︔ ᠮᠣᠩᠭᠤᠯ ᠬᠡᠯᠡᠨ ᠤ ᠨᠡᠶᠢᠲᠡ ᠶᠢᠨ ᠳ᠋ᠤᠭᠠᠷ ᠤᠨ ᠸᠢᠴᠠᠲ ᠢ 500 ᠵᠤᠷᠪᠤᠰ ᠨᠡᠶᠢᠲᠡᠯᠡᠪᠡ᠃    2021 ᠣᠨ ᠤ ᠪᠥᠬᠦ ᠵᠢᠯ ᠳᠤ ᠠᠷᠠᠳ ᠢᠷᠭᠡᠨ ᠪᠤᠶᠤ ᠵᠣᠬᠢᠶᠠᠨ ᠪᠠᠶᠢᠭᠤᠯᠤᠯᠲᠠ ᠶᠢᠨ ᠰᠦᠯᠵᠢᠶᠡᠨ ᠳᠡᠭᠡᠷ᠎ᠡ ᠲᠤᠰᠢᠶᠠᠭᠰᠠᠨ ᠬᠦᠰᠦᠨᠦᠭᠲᠦ ᠶᠢᠨ ᠬᠠᠭᠤᠳᠠᠰᠤ᠂ ᠡᠯᠧᠺᠲᠷᠣᠨ ᠰᠢᠤᠳᠠᠨ ᠤ  ᠵᠦᠢᠯ᠂ ᠹᠠᠺᠰ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢ ᠦᠨᠳᠦᠰᠦᠯᠡᠨ ᠢᠯᠡ ᠪᠠᠷ ᠨᠡᠶᠢᠲᠡᠯᠡᠬᠦ ᠶᠢ ᠭᠥᠯᠢᠶᠡᠨ ᠠᠪᠤᠭᠰᠠᠨ ᠥᠬᠡᠶ᠃    ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠪᠤᠯᠤᠩ ᠢ ᠳᠣᠭᠢᠷᠠᠭᠤᠯᠤᠨ ᠰᠢᠯᠢᠳᠡᠭᠵᠢᠭᠦᠯᠵᠦ᠂ ᠲᠤᠰᠬᠠᠶ ᠬᠥᠮᠦᠨ ᠢᠶᠠᠷ ᠲᠤᠰᠬᠠᠶ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠤᠨ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠲᠤᠰᠬᠠᠶ ᠪᠤᠯᠤᠩ ᠤᠨ ᠡᠳᠦᠷ ᠲᠤᠲᠤᠮ ᠤᠨ ᠪᠠᠶᠢᠴᠠᠭᠠᠬᠤ᠂ ᠬᠠᠮᠠᠭᠠᠯᠠᠬᠤ ᠪᠠ ᠰᠢᠨᠡᠳᠬᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠤᠨ ᠨᠠᠷᠢᠨ ᠲᠠᠩᠰᠠ᠂ ᠠᠵᠢᠯ ᠶᠠᠪᠤᠳᠠᠯ  ᠭᠦᠢᠴᠡᠳᠭᠡᠬᠦ ᠵᠦᠭᠯᠡᠭᠦᠷ ᠵᠡᠷᠭᠡ ᠡᠷᠬᠡ ᠶᠢᠨ ᠲᠣᠬᠢᠷᠠᠭᠤᠯᠤᠯᠲᠠ ᠪᠠ ᠠᠵᠢᠯ ᠶᠠᠪᠤᠳᠠᠯ ᠭᠦᠢᠴᠡᠳᠭᠡᠬᠦ  ᠦᠢᠯᠡᠴᠢᠯᠡᠭᠡᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠳᠣᠭᠢᠷᠠᠭᠤᠯᠤᠨ ᠰᠢᠨᠡᠳᠬᠡᠪᠡ︔ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠳᠡᠭᠡᠷ᠎ᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠲᠤᠰᠬᠠᠶ ᠪᠤᠯᠤᠩ ᠭᠠᠷᠭᠠᠵᠤ᠂ ᠨᠡᠶᠢᠲᠡᠯᠡᠭᠰᠡᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠵᠦ᠂ ︽12345︾ ᠬᠠᠯᠠᠭᠤᠨ ᠤᠲᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠤ ᠬᠠᠷᠢᠭᠤ ᠲᠤᠰᠬᠠᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠰᠢᠯᠢᠳᠡᠭᠵᠢᠭᠦᠯᠪᠡ︔ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠶᠡᠭᠡ ᠲᠢᠩᠬᠢᠮ ᠳᠤ ︽ᠳᠥᠷᠪᠡ ᠶᠢ ᠡᠷᠭᠢᠯᠡᠬᠦ︾ ᠲᠤᠰᠬᠠᠶ ᠪᠤᠯᠤᠩ ᠭᠠᠷᠭᠠᠪᠠ︔ ᠡᠯ᠎ᠡ ᠲᠥᠷᠥᠯ ᠤᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢ ᠫᠤᠷᠲ᠋ᠧᠯ ᠰᠦᠯᠵᠢᠶᠡᠨ ᠥᠷᠲᠡᠭᠡ ᠳᠤ ᠴᠠᠭ ᠲᠤᠬᠠᠶ ᠳᠤᠨᠢ ᠢᠯᠡ  ᠪᠣᠯᠭᠠᠪᠠ︔ ᠨᠡᠮᠡᠭᠳᠡᠯ ᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ ᠡᠳ᠋ ᠤᠨ ᠵᠠᠰᠠᠭ ᠢ ᠪᠠᠲᠤᠯᠠᠬᠤ᠂ ᠬᠡᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠦᠨᠡᠨ ᠬᠦ ᠴᠢᠩᠭᠠᠳᠬᠠᠪᠠ︔ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠡᠷᠴᠢᠮᠵᠢᠭᠦᠯᠬᠦ ᠪᠠᠶᠢᠭᠤᠯᠤᠯᠲᠠ ᠶᠢ ᠴᠤ ᠡᠮᠬᠢ ᠵᠠᠮᠪᠠᠷᠠᠭ᠎ᠠ ᠲᠠᠢ ᠶᠠᠪᠤᠭᠳᠠᠭᠤᠯᠵᠤ᠂ ᠫᠤᠷᠲ᠋ᠧᠯ ᠰᠦᠯᠵᠢᠶᠡᠨ ᠤ ᠥᠷᠲᠡᠭᠡ ᠳᠤ ᠡᠳᠦᠷ ᠲᠤᠲᠤᠮ ᠤᠨ ᠬᠢᠨᠠᠨ ᠬᠡᠮᠵᠢᠯᠲᠡ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠠᠷᠠᠳ ᠬᠠᠷᠢᠯᠴᠠᠨ ᠬᠥᠳᠡᠯᠦᠯᠴᠡᠬᠦ᠂ ᠠᠵᠢᠯ ᠶᠠᠪᠤᠳᠠᠯ  ᠭᠦᠢᠴᠡᠳᠭᠡᠬᠦ ᠦᠢᠯᠡᠴᠢᠯᠡᠭᠡ ᠭᠤᠷᠪᠠ ᠶᠢ ᠨᠢᠭᠡ ᠴᠤᠭᠴᠠᠵᠢᠭᠤᠯᠤᠨ ᠲᠡᠩᠴᠡᠭᠦᠷᠢᠲᠡᠶ ᠬᠥᠭᠵᠢᠭᠦᠯᠬᠦ ᠶᠢ ᠪᠡᠶᠡᠯᠡᠭᠦᠯᠵᠦ᠂ ᠮᠣᠩᠭᠤᠯ ᠰᠦᠯᠵᠢᠶᠡᠨ ᠤ ᠥᠷᠲᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠳᠥᠯᠭᠢᠨ ᠠᠬᠢᠭᠤᠯᠪᠠ᠃    ᠵᠠᠰᠠᠭ ᠤᠨ ᠶᠠᠪᠤᠳᠠᠯ ᠢ ᠢᠯᠡ ᠪᠣᠯᠭᠠᠬᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠥᠬᠦ ᠬᠤᠰᠢᠭᠤᠨ ᠤ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠤᠳᠤᠷᠢᠳᠬᠤ ᠳᠤᠭᠤᠶᠢᠯᠠᠩ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠭᠰᠡᠨ ᠪᠥᠭᠡᠳ ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠣᠤᠷ᠎ᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠪᠠᠶᠢᠭᠤᠯᠵᠤ᠂ ᠨᠢᠭᠡ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠ ᠨᠢᠭᠡ ᠠᠵᠢᠯᠲᠠᠨ ᠢ ᠲᠣᠳᠣᠷᠬᠠᠶ ᠲᠣᠭᠲᠠᠭᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠡᠳᠦᠷ ᠲᠤᠲᠤᠮ ᠤᠨ ᠠᠵᠢᠯ ᠢ ᠪᠣᠳᠠᠲᠠᠶ ᠬᠠᠷᠢᠭᠤᠴᠠᠭᠤᠯᠪᠠ᠃ ᠡᠯ᠎ᠡ ᠬᠤᠰᠢᠭᠤᠨ ᠤ ᠰᠢᠭᠤᠳ ᠬᠠᠷᠢᠶ᠎ᠠ ᠨᠢᠭᠡᠴᠡ᠂ ᠰᠢᠶᠠᠩ ᠪᠠᠯᠭᠠᠰᠤ  ᠰᠤᠮᠤ   ᠵᠡᠭᠡᠯᠢ ᠭᠤᠳᠤᠮᠵᠢ ᠶᠢᠨ ᠠᠯᠪᠠᠨ ᠬᠡᠷ᠂ ᠭᠠᠴᠠᠭ᠎ᠠ ᠲᠣᠰᠬᠤᠨ ᠳᠤ ᠴᠥᠮ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠳᠠᠲᠠᠶ ᠠᠵᠢᠯᠲᠠᠨ ᠢ ᠲᠣᠰ ᠲᠣᠰ ᠲᠣᠳᠣᠷᠬᠠᠶᠢᠯᠠᠵᠤ᠂ ᠬᠤᠰᠢᠭᠤ ᠰᠢᠶᠠᠨ᠂ ᠰᠢᠶᠠᠩ ᠪᠠᠯᠭᠠᠰᠤ᠂ ᠲᠣᠰᠬᠤᠨ ᠭᠤᠷᠪᠠᠨ ᠱᠠᠲᠤᠨ ᠤ ᠪᠦᠷᠢᠨ ᠪᠦᠲᠦᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠪᠦᠲᠦᠴᠡ ᠪᠠ ᠠᠵᠢᠯ ᠤᠨ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠪᠦᠷᠢᠯᠳᠦᠭᠦᠯᠵᠦ᠂ ᠲᠤᠰᠬᠠᠶ ᠬᠥᠮᠦᠨ ᠢᠶᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠢᠨᠡᠳᠬᠡᠨ ᠬᠠᠮᠠᠭᠠᠯᠠᠬᠤ ᠠᠵᠢᠯ ᠢ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠯᠭᠠᠨ ᠬᠢᠨᠠᠬᠤ ᠶᠢ ᠴᠢᠩᠭᠠᠳᠬᠠᠬᠤ ᠶᠢᠨ ᠲᠥᠯᠥᠭᠡ᠂ ︽ᠠᠤᠬᠠᠨ ᠬᠤᠰᠢᠭᠤᠨ ᠤ 2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠪᠠ ᠰᠢᠯᠭᠠᠨ ᠬᠢᠨᠠᠬᠤ ᠰᠢᠰᠲ᠋ᠧᠮᠵᠢ ᠶᠢ ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠰᠢᠯᠭᠠᠨ ᠬᠢᠨᠠᠬᠤ  ᠭᠦᠢᠴᠡᠳᠭᠡᠯ ᠲᠤᠭ᠎ᠠ ᠶᠢ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠳᠤ ᠨᠠᠷᠢᠯᠢᠬᠵᠢᠭᠤᠯᠤᠨ ᠵᠠᠳᠠᠯᠬᠤ ᠶᠢᠨ ᠬᠠᠮᠲᠤ ᠰᠢᠯᠭᠠᠨ ᠬᠢᠨᠠᠭᠰᠠᠨ ᠦᠷ᠎ᠡ ᠳ᠋ᠦᠩ ᠢ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠡᠯ᠎ᠡ ᠰᠠᠯᠠᠭᠠᠨ ᠤ ᠲᠠᠰ ᠤᠨ ᠤᠳᠤᠷᠢᠳᠬᠤ ᠪᠠᠭ ᠤᠨ ᠠᠵᠢᠯ ᠤᠨ ᠦᠷ᠎ᠡ ᠪᠦᠲᠦᠮᠵᠢ ᠶᠢ ᠬᠡᠮᠵᠢᠬᠦ  ᠭᠦᠢᠴᠡᠳᠭᠡᠯ ᠲᠤᠭ᠎ᠠ ᠶᠢᠨ ᠨᠢᠭᠡ ᠪᠣᠯᠭᠠᠨ᠎ᠠ᠃ ᠳᠡᠭᠡᠳᠦ ᠱᠠᠲᠤᠨ ᠤ ᠬᠠᠮᠢᠶ᠎ᠠ ᠪᠥᠬᠦᠶ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ᠨᠢᠭᠤᠴᠠ ᠶᠢ ᠬᠠᠮᠠᠭᠠᠯᠠᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠢᠯᠡ ᠪᠣᠯᠭᠠᠬᠤ ᠶᠣᠰᠣᠲᠠᠶ  ᠵᠦᠢᠯᠡᠰ ᠢ ᠵᠠᠪᠠᠯ ᠢᠯᠡ ᠪᠣᠯᠭᠠᠨ᠎ᠠ᠃    ᠭᠤᠷᠪᠠ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠬᠢ ᠶᠢᠨ ᠪᠠᠶᠢᠳᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ︕    ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ︕    ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ    ᠨᠢᠭᠡ ᠳᠤ᠂ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠬᠤ ᠴᠢᠬᠤᠯᠠᠲᠠᠶ ᠪᠠᠶᠢᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠡᠷᠭᠢᠯᠡᠨ ᠬᠢᠵᠦ ᠪᠠᠶᠢᠭ᠎ᠠ ᠬᠥᠮᠦᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠤᠳᠤᠯᠤᠨ ᠡᠵᠡᠮᠰᠢᠭᠰᠡᠨ ᠢᠶᠠᠷ ᠬᠦᠷᠦᠯᠴᠡᠬᠦ ᠥᠬᠡᠶ ᠪᠠᠶᠢᠨ᠎ᠠ᠃    ᠬᠤᠶᠠᠷ ᠲᠤ᠂ ᠠᠵᠢᠯ ᠤᠨ ᠬᠥᠭᠵᠢᠯᠲᠡ ᠪᠠᠰᠠ ᠲᠡᠩᠴᠡᠭᠦᠷᠢ ᠦᠭᠡᠢ ᠪᠠᠶᠢᠨ᠎ᠠ᠃ ᠣᠨᠴᠠ ᠵᠠᠷᠢᠮ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠨᠢ ᠭᠦᠢᠴᠡᠳ ᠪᠤᠰᠤ᠂ ᠨᠠᠶᠢᠳᠠᠪᠤᠷᠢᠵᠢᠭᠤᠯᠤᠯᠲᠠ ᠨᠢ ᠭᠦᠢᠴᠡᠳ ᠪᠤᠰᠤ ᠪᠠᠶᠢᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃    ᠭᠤᠷᠪᠠ ᠳᠤ᠂ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠᠲᠠᠶ᠂ ᠢᠯᠡ ᠪᠣᠯᠭᠠᠬᠤ ᠬᠡᠯᠪᠡᠷᠢ ᠨᠢ ᠨᠡᠯᠢᠶᠡᠳ ᠲᠠᠩ ᠴᠤᠯᠭᠤᠶ᠂ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠪᠦᠲᠦᠮᠵᠢᠲᠦ ᠴᠢᠨᠠᠷ᠂ ᠠᠷᠠᠳ ᠲᠤ ᠲᠥᠬᠦᠮ ᠦᠵᠡᠭᠦᠯᠬᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ᠂ ᠢᠯᠠᠩᠭᠤᠶ᠎ᠠ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠬᠤ ᠴᠢᠬᠤᠯᠠᠲᠠᠶ ᠪᠠᠶᠢᠨ᠎ᠠ᠃    ᠳᠥᠷᠪᠡ ᠳᠤ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠬᠦ ᠴᠢᠬᠤᠯᠠᠲᠠᠶ ᠪᠠᠶᠢᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠴᠢᠬᠤᠯᠠᠲᠠᠶ ᠪᠠᠶᠢᠵᠤ᠂ ᠠᠵᠢᠯ ᠤᠨ ᠬᠢᠨᠠᠨ ᠰᠢᠯᠭᠠᠯᠲᠠ ᠪᠠ ᠬᠢᠨᠠᠯᠲᠠ ᠲᠠᠯᠪᠢᠵᠤ ᠦᠨᠡᠯᠡᠨ ᠶᠠᠷᠢᠯᠴᠠᠬᠤ ᠵᠡᠷᠭᠡ ᠠᠵᠢᠯ ᠢ ᠮᠥᠨ ᠬᠦ ᠴᠢᠩᠭᠠᠳᠬᠠᠬᠤ ᠴᠢᠬᠤᠯᠠᠲᠠᠶ ᠪᠠᠶᠢᠨ᠎ᠠ᠃    ᠵᠢᠷᠭᠤᠭ᠎ᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ    ᠦᠭᠡᠢ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号