ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠡᠳ᠋ ᠤᠨ ᠵᠠᠰᠠᠭ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/12/1
   ᠰᠤᠷᠤᠯᠴᠠᠯᠭ᠎ᠠ ᠬᠥᠮᠦᠵᠢᠯ ᠢ ᠠᠳᠬᠤᠵᠤ᠂ ᠤᠯᠤᠰ ᠲᠥᠷᠥ ᠶᠢᠨ ᠵᠣᠭᠰᠣᠴᠠ  ᠪᠠᠨ ᠳᠡᠭᠡᠭᠰᠢᠯᠡᠭᠦᠯᠦᠨ᠎ᠡ᠃ ᠣᠨᠣᠯ  ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠪᠠ ᠺᠠᠳ᠋ᠷ ᠤᠨ ᠣᠨᠣᠯ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠰᠤᠷᠤᠯᠴᠠᠯᠭ᠎ᠠ ᠶᠢᠨ ᠲᠣᠭᠲᠠᠴᠠ ᠳᠤ ᠲᠦᠰᠢᠭᠯᠡᠨ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾᠂ ︽ᠠᠯᠪᠠᠲᠠᠨ ᠤ ᠰᠦᠯᠵᠢᠶᠡᠨ ᠳᠡᠭᠡᠷᠡᠬᠢ ᠰᠤᠷᠤᠯᠴᠠᠯᠭ᠎ᠠ︾᠂ ︽ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠨ ᠰᠤᠷᠭᠠᠨ ᠬᠥᠮᠦᠵᠢᠭᠦᠯᠬᠦ ᠰᠦᠯᠵᠢᠶᠡᠨ ᠤ ᠲᠠᠪᠴᠠᠩ︾ ᠵᠡᠷᠭᠡ ᠰᠤᠷᠤᠯᠴᠠᠬᠤ ᠲᠠᠪᠴᠠᠩ ᠢᠶᠠᠷ ᠳᠠᠮᠵᠢᠭᠤᠯᠤᠨ᠂ ᠲᠥᠪᠯᠡᠷᠡᠭᠦᠯᠦᠨ ᠰᠤᠷᠤᠯᠴᠠᠬᠤ ᠪᠠ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠬᠠᠷᠢᠯᠴᠠᠨ ᠤᠶᠠᠯᠳᠤᠭᠤᠯᠵᠤ᠂ ︽ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠪᠣᠳᠠᠲᠠᠶᠢᠵᠢᠭᠤᠯᠬᠤ︾ ᠳᠡᠭᠡᠷ᠎ᠡ ᠬᠦᠴᠦ ᠲᠠᠯᠪᠢᠵᠤ᠂ ᠡᠳ᠋ ᠤᠨ ᠵᠠᠰᠠᠭ ᠤᠨ ᠺᠠᠳ᠋ᠷᠴᠤᠳ ᠤᠨ ᠤᠯᠤᠰ ᠲᠥᠷᠥ ᠶᠢᠨ ᠣᠨᠣᠯ ᠤᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠠᠵᠢᠯ ᠤᠨ ᠠᠷᠭ᠎ᠠ ᠪᠠᠨ ᠰᠠᠶᠢᠵᠢᠷᠠᠭᠤᠯᠤᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃    ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ᠎ᠡ᠃ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠬᠡᠷᠡᠭᠵᠢᠭᠦᠯᠵᠦ᠂ ᠠᠷᠪᠢᠯᠠᠨ ᠭᠠᠮᠨᠠᠬᠤ ᠱᠠᠭᠠᠷᠳᠠᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠬᠢᠵᠠᠭᠠᠷ ᠲᠠᠢ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠨ᠎ᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠳᠣᠲᠣᠭᠠᠳᠤ ᠡᠵᠡᠮᠳᠡᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃    ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠲᠦᠷᠦᠭᠦᠯᠦᠨ ᠠᠰᠠᠭᠤᠬᠤ ᠬᠠᠷᠢᠭᠤᠴᠠᠯᠭ᠎ᠠ ᠶᠢᠨ ᠲᠦᠷᠢᠮ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠠᠵᠢᠯ ᠤᠨ ᠳᠤᠮᠳᠠ ᠪᠠᠨ ᠲᠤᠭᠤᠰᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠰᠠᠶᠢᠲᠤᠷ ᠬᠢᠵᠦ᠂ ︽ᠡᠭᠦᠳᠡ ᠣᠷᠣᠬᠤ ᠳᠤ ᠬᠦᠴᠢᠷ᠂ ᠤᠴᠠᠷᠠᠬᠤ ᠳᠤ ᠬᠦᠴᠢᠷᠲᠡᠶ᠂ ᠤᠴᠢᠷ ᠶᠠᠪᠤᠳᠠᠯ ᠢ ᠪᠦᠲᠦᠭᠡᠬᠦ ᠳᠤ ᠬᠦᠴᠢᠷᠲᠡᠶ︾ ᠨᠠᠵᠠᠭᠠᠢ ᠦᠵᠡᠭᠳᠡᠯ ᠢ ᠦᠨᠳᠦᠰᠦᠨ ᠠᠴᠠ ᠨᠢ ᠠᠷᠢᠯᠭᠠᠨ᠎ᠠ᠃    ᠡᠳ᠋ ᠤᠨ ᠵᠠᠰᠠᠭ ᠤᠨ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠪᠡᠯᠡ ᠮᠥᠩᠭᠦ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠵᠢᠷᠤᠮᠵᠢᠭᠤᠯᠤᠨ᠎ᠠ᠃ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠠᠯᠠ ᠮᠥᠩᠭᠦ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠡᠳ᠋ ᠤᠨ ᠵᠠᠰᠠᠭ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠳ᠋ ᠤᠨ ᠵᠠᠰᠠᠭ ᠤᠨ ᠬᠢᠨᠠᠯᠲᠠ ᠲᠠᠯᠪᠢᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠩᠰᠠ ᠪᠦᠷᠢ ᠶᠢ ᠵᠢᠷᠤᠮᠵᠢᠭᠤᠯᠤᠨ ᠰᠠᠶᠢᠲᠤᠷ ᠬᠠᠮᠢᠶᠠᠷᠴᠤ᠂ ᠮᠥᠩᠭᠦ ᠪᠦᠷᠢ ᠶᠢ ᠣᠨᠣᠪᠴᠢᠲᠠᠶ ᠰᠠᠶᠢᠲᠤᠷ ᠬᠡᠷᠡᠭᠯᠡᠵᠦ᠂ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号