| ᠲᠦᠷᠦᠭᠦᠬᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠥᠬᠦ ᠤᠯᠤᠰ ᠤᠨ ᠳᠣᠯᠣᠳᠤᠭᠠᠷ ᠪᠦᠯᠦᠭ ᠤᠨ | ᠭᠤᠣᠯ ᠪᠣᠯᠬᠤ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ | ᠦᠵᠡᠭᠦᠯᠬᠦ ᠰᠢᠶᠠᠨ ︵ᠬᠤᠲᠠ᠂ ᠲᠣᠭᠤᠷᠢᠭ︶ ᠤ ᠨᠡᠷᠡᠰ ᠢ ᠵᠠᠷᠯᠠᠨ ᠨᠡᠶᠢᠲᠡᠯᠡᠵᠦ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠤᠷᠪᠠᠨ ᠰᠢᠶᠠᠨ ︵ᠬᠤᠲᠠ᠂ ᠲᠣᠭᠤᠷᠢᠭ︶ ᠰᠣᠩᠭᠤᠭᠳᠠᠨ ᠣᠷᠣᠵᠤ᠂ ᠠᠤᠬᠠᠨ | ᠬᠤᠰᠢᠭᠤ ᠡᠭᠦᠨ ᠳᠤ ᠵᠢᠭᠰᠠᠭᠠᠭᠳᠠᠵᠠᠢ᠃ | ᠠᠤᠬᠠᠨ ᠬᠤᠰᠢᠭᠤ ᠨᠢ ᠲᠠᠷᠢᠶᠠᠯᠠᠩ ᠢᠶᠠᠷ ᠭᠤᠣᠯ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢ | ᠤᠶᠠᠯᠳᠤᠭᠤᠯᠤᠨ᠂ ᠭᠠᠭᠴᠠ ᠤᠯᠠᠷᠢᠯ ᠳᠤ ᠲᠠᠷᠢᠬᠤ ᠬᠤᠰᠢᠭᠤ ᠰᠢᠶᠠᠨ ᠪᠣᠯᠣᠨ᠎ᠠ᠂ ᠠᠮᠤ ᠪᠤᠳᠠᠭᠠᠨ ᠤ ᠲᠠᠷᠢᠮᠠᠯ ᠤᠨ | ᠲᠠᠯᠠᠪᠠᠢ ᠨᠢ ᠵᠢᠯ ᠲᠤᠷᠰᠢ 187837 hm² ᠳᠤ ᠲᠣᠭᠲᠠᠪᠤᠷᠢᠵᠢᠵᠤ᠂ ᠡᠭᠦᠨ ᠳᠤ ᠡᠷᠳᠡᠨᠢ ᠰᠢᠰᠢ ᠲᠠᠷᠢᠬᠤ | ᠲᠠᠯᠠᠪᠠᠢ ᠨᠢ 86183hm² ᠪᠠᠶᠢᠵᠤ᠂ ᠪᠦᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢᠨ | 45% ᠠᠴᠠ ᠳᠡᠭᠡᠭᠰᠢᠬᠢ ᠶᠢ ᠡᠵᠡᠯᠡᠵᠦ᠂ ᠡᠷᠳᠡᠨᠢ ᠰᠢᠰᠢ᠂ ᠨᠠᠷᠢᠮᠤ ᠶᠢ ᠭᠠᠷᠭᠠᠪᠠᠯ᠂ ᠪᠤᠰᠤᠳ ᠠᠮᠤ ᠪᠤᠳᠠᠭᠠᠨ ᠤ | ᠲᠠᠷᠢᠮᠠᠯ ᠤᠨ ᠭᠠᠭᠴᠠ ᠤᠯᠠᠷᠢᠯ ᠳᠤ ᠲᠠᠷᠢᠬᠤ ᠲᠠᠯᠠᠪᠠᠢ ᠨᠢ ᠴᠥᠮ ᠪᠦᠬᠦ ᠬᠤᠰᠢᠭᠤᠨ ᠤ ᠲᠠᠷᠢᠶᠠᠨ ᠭᠠᠵᠠᠷ ᠤᠨ | ᠲᠠᠯᠠᠪᠠᠢ ᠶᠢᠨ 25% ᠠᠴᠠ ᠪᠠᠭ᠎ᠠ ᠪᠠᠶᠢᠳᠠᠭ᠃ | 2021 ᠣᠨ ᠤ ᠡᠴᠦᠰ ᠪᠣᠯᠲᠠᠯ᠎ᠠ᠂ ᠪᠦᠭᠦ ᠬᠤᠰᠢᠭᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠥᠳᠡᠯᠭᠡᠭᠦ | ᠬᠦᠴᠦᠨ 1006193 ᠺᠢᠯᠣᠸᠠᠲ ᠲᠤ ᠬᠦᠷᠴᠦ᠂ 21271 ᠬᠥᠳᠡᠯᠭᠡᠭᠴᠢ ᠬᠦᠴᠦᠨ ᠤ ᠮᠠᠰᠢᠨ ᠲᠠᠢ ᠪᠣᠯᠵᠠᠢ᠂ | ᠡᠭᠦᠨ ᠳᠤ ᠲᠣᠮᠣ ᠳᠤᠮᠳᠠ ᠲᠷᠠᠺᠲ᠋ᠣᠷ 17711᠂ ᠳᠤᠮᠳᠠ ᠵᠢᠵᠢᠭ ᠲᠷᠠᠺᠲ᠋ᠣᠷ 3560᠂ ᠲᠠᠷᠢᠶᠠᠯᠠᠵᠤ ᠲᠡᠭᠰᠢᠯᠡᠬᠦ | ᠮᠠᠰᠢᠨ 22954 ᠢᠵᠢ᠂ ᠲᠠᠷᠢᠶ᠎ᠠ ᠲᠠᠷᠢᠬᠤ ᠮᠠᠰᠢᠨ 16284 ᠢᠵᠢ᠂ ᠡᠷᠳᠡᠨᠢ ᠰᠢᠰᠢ ᠬᠤᠷᠢᠶᠠᠬᠤ ᠮᠠᠰᠢᠨ | 538 ᠰᠠᠤᠷᠢ ᠪᠠᠶᠢᠵᠤ᠂ ᠢᠵᠢ ᠪᠦᠷᠢᠳᠦᠭᠦᠯᠦᠭᠰᠡᠨ ᠬᠠᠷᠢᠴᠠᠯ ᠨᠢ 1.84 ᠬᠦᠷᠴᠡᠢ᠃ ᠲᠠᠷᠢᠶᠠᠯᠠᠩ ᠤᠨ ᠮᠠᠰᠢᠨ ᠤ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠪᠤᠵᠠᠭᠠᠶᠢᠷᠠᠬᠤ ᠶᠢ | ᠳᠠᠭᠠᠯᠳᠤᠨ᠂ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ | ᠢᠯᠡᠳᠲᠡ ᠳᠡᠭᠡᠭᠰᠢᠯᠡᠵᠦ᠂ ᠣᠳᠣᠬᠠᠨ ᠳᠤ ᠪᠦᠭᠦ ᠬᠤᠰᠢᠭᠤᠨ ᠳᠤ ᠲᠠᠷᠢᠶᠠᠯᠠᠩ ᠤᠨ ᠮᠠᠰᠢᠨᠴᠢᠯᠠᠯᠲᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ 159 ᠪᠠᠶᠢᠵᠤ᠂ ᠲᠠᠷᠢᠶᠠᠯᠠᠩ ᠤᠨ ᠮᠠᠰᠢᠨ ᠤ ᠬᠠᠳᠠᠭᠠᠯᠠᠯᠲᠠ ᠶᠢᠨ | ᠬᠡᠮᠵᠢᠶ᠎ᠡ 5156 ᠢᠵᠢ ᠪᠠᠶᠢᠵᠤ᠂ ᠵᠢᠯ ᠤᠨ ᠳᠤᠮᠳᠠᠴᠢ ᠦᠢᠯᠡᠴᠢᠯᠡᠭᠡᠨ ᠤ ᠲᠠᠯᠠᠪᠠᠢ 237000hm²᠃ | ᠣᠶᠢᠯᠠᠭᠠᠭᠰᠠᠨ ᠢᠶᠠᠷ᠂ 2016 ᠣᠨ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠥᠬᠦ ᠤᠯᠤᠰ ᠤᠨ | ᠭᠤᠣᠯ ᠪᠣᠯᠬᠤ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ | ᠦᠵᠡᠭᠦᠯᠬᠦ ᠰᠢᠶᠠᠨ ᠢ ᠦᠨᠡᠯᠡᠨ ᠲᠣᠭᠲᠠᠭᠠᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ 2022 ᠣᠨ ᠪᠣᠯᠲᠠᠯ᠎ᠠ | ᠪᠥᠬᠦ ᠤᠯᠤᠰ ᠲᠤ ᠨᠢᠭᠡᠨᠲᠡ 7 ᠪᠦᠯᠦᠭ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ | ᠮᠠᠭᠠᠳᠯᠠᠨ ᠲᠣᠭᠲᠠᠭᠠᠭᠰᠠᠨ ᠪᠠᠶᠢᠨ᠎ᠠ᠃ ᠰᠢᠯᠭᠠᠷᠠᠭᠤᠯᠤᠨ ᠰᠣᠩᠭᠤᠬᠤ ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ | ᠵᠢᠱᠢᠶ᠎ᠡ ᠦᠵᠡᠭᠦᠯᠬᠦ ᠰᠢᠶᠠᠨ ᠢ ᠰᠢᠯᠭᠠᠨ ᠲᠣᠭᠲᠠᠭᠠᠬᠤ ᠠᠵᠢᠯ ᠢ ᠮᠤᠵᠢ ᠶᠢᠨ ᠱᠠᠲᠤᠨ ᠤ ᠠᠩᠬᠠᠨ ᠤ ᠰᠢᠯᠭᠠᠷᠠᠭᠤᠯᠤᠨ | ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠨ ᠲᠣᠭᠲᠠᠭᠠᠬᠤ ᠵᠡᠷᠭᠡ ᠵᠠᠩᠭᠢᠯᠠᠭ᠎ᠠ ᠪᠠᠷ ᠳᠡᠮᠵᠢᠨ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ 114 ᠰᠢᠶᠠᠨ ︵ᠬᠤᠲᠠ ᠲᠣᠭᠤᠷᠢᠭ︶ ᠢ ᠪᠥᠬᠦ ᠤᠯᠤᠰ ᠤᠨ | ᠳᠣᠯᠣᠳᠤᠭᠠᠷ ᠪᠦᠯᠦᠭ ᠤᠨ ᠭᠤᠣᠯ ᠪᠣᠯᠬᠤ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ | ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢᠶᠠᠷ ᠮᠠᠭᠠᠳᠯᠠᠨ ᠲᠣᠭᠲᠠᠭᠠᠵᠤ᠂ ᠠᠤᠬᠠᠨ ᠬᠤᠰᠢᠭᠤ ᠶᠢ ᠵᠠᠷᠯᠠᠨ | ᠨᠡᠶᠢᠲᠡᠯᠡᠬᠦ ᠨᠡᠷᠡᠰ ᠲᠤ ᠣᠷᠤᠭᠤᠯᠪᠠ᠃ |