ᠠᠤᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠢᠳᠡᠪᠬᠢᠲᠡᠢ ᠠᠬᠢᠭᠤᠯᠪᠠ
ᠨᠡᠶᠢᠲᠡᠯᠡᠭᠰᠡᠨ ᠴᠠᠭ᠄
2022/12/14
   2022 ᠣᠨ ᠳᠤ᠂ ᠠᠤᠬᠠᠨ ᠬᠤᠰᠢᠭᠤᠨ ᠤ ᠬᠦᠷᠢᠶᠡᠯᠡᠩ ᠲᠣᠭᠤᠷᠢᠭ ᠤᠨ ᠠᠯᠪᠠᠨ ᠭᠡᠷ ᠲᠥᠷᠥᠯ ᠵᠦᠢᠯ ᠤᠨ ᠦᠢᠯᠡᠴᠢᠯᠡᠭᠡᠨ ᠤ ᠲᠤᠰᠬᠠᠢ ᠠᠩᠭᠢ ᠪᠠᠶᠢᠭᠤᠯᠬᠤ ᠪᠠᠷ ᠳᠡᠮᠵᠢᠨ᠂ ᠭᠠᠷ ᠭᠦᠢᠴᠡᠳᠬᠡᠯ ᠬᠢᠬᠦ ᠠᠴᠠ ᠠᠪᠤᠭᠠᠳ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ᠂ ᠠᠵᠢᠯᠴᠢᠨ ᠡᠯᠰᠡᠬᠦ ᠠᠴᠠ ᠠᠪᠤᠭᠠᠳ ᠦᠢᠯᠡᠳᠪᠦᠷᠢᠯᠡᠯ  ᠬᠦᠷᠲᠡᠯᠡᠬᠢ ᠪᠥᠬᠦ ᠶᠠᠪᠤᠴᠠ ᠳᠤ ᠦᠢᠯᠡᠴᠢᠯᠡᠪᠡ᠃ ᠬᠠᠭᠠᠰ ᠵᠢᠯ ᠭᠠᠷᠤᠢ ᠶᠢᠨ ᠴᠢᠷᠮᠠᠶᠢᠯᠭ᠎ᠠ ᠪᠠᠷ ᠳᠡᠮᠵᠢᠨ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ 10 ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠲᠦᠷᠭᠡᠨ ᠪᠣᠯᠪᠠ᠃    ᠤᠯᠠᠭᠠᠨᠬᠠᠳᠠ ᠶᠢᠨ ᠯᠦᠩ ᠲᠠᠢ ᠳ᠋ᠢ ᠬᠤᠭᠤᠯᠠᠢ ᠶᠢᠨ ᠲᠥᠷᠥᠯ ᠵᠦᠢᠯ ᠳᠤ 8600 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠢᠭᠡᠨᠲᠡ ᠬᠡᠰᠡᠭ ᠦᠢᠯᠡᠳᠪᠦᠷᠢᠯᠡᠯ ᠤᠨ ᠲᠥᠬᠦᠭᠡᠷᠦᠮᠵᠢ ᠶᠢ ᠵᠠᠬᠢᠶᠠᠯᠠᠨ ᠠᠪᠴᠤ᠂ 2 ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡ ᠶᠢ ᠤᠭᠰᠠᠷᠠᠵᠤ ᠳᠠᠭᠤᠰᠬᠠᠬᠤ ᠪᠠᠷ ᠪᠠᠶᠢᠨ᠎ᠠ᠃ ᠤᠯᠠᠭᠠᠨᠬᠠᠳᠠ ᠶᠢᠨ ᠯᠦᠩ ᠵᠦ 36 ᠲᠦᠮᠡᠨ ᠲᠣᠨ ᠤ ᠮᠠᠰᠢᠨ ᠲᠡᠷᠭᠡᠨ ᠤ ᠲᠣᠷᠣᠮᠰᠤᠯᠠᠬᠤ ᠲᠠᠪᠠᠭ ᠤᠨ ᠲᠥᠷᠥᠯ ᠵᠦᠢᠯ ᠳᠤ 2500 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 12500 ᠲᠡᠭᠰᠢ ᠳᠥᠷᠪᠡᠯᠵᠢᠨ  ᠮᠧᠲᠷ ᠤᠨ ᠦᠢᠯᠡᠳᠪᠦᠷᠢ ᠶᠢᠨ ᠭᠡᠷ ᠪᠠᠶᠢᠰᠢᠩ ᠤᠨ ᠭᠠᠵᠠᠷ ᠳᠣᠣᠷᠠᠬᠢ ᠰᠠᠭᠤᠷᠢ ᠪᠠᠷᠢᠯᠭ᠎ᠠ ᠶᠢ ᠳᠠᠭᠤᠰᠬᠠᠪᠠ᠃ ᠬᠤᠸᠠ ᠷᠦᠢ ᠰᠠᠯᠬᠢᠨ ᠬᠦᠴᠦᠨ ᠤ ᠴᠠᠬᠢᠯᠭᠠᠨ ᠤ ᠵᠢᠯ ᠳᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠢ ᠨᠢᠭᠡᠨᠲᠡ ᠨᠡᠭᠡᠭᠡᠨ ᠮᠠᠯᠲᠠᠬᠤ ᠠᠵᠢᠯ ᠢ ᠪᠡᠶᠡᠯᠡᠭᠦᠯᠵᠦ᠂ ᠭᠠᠵᠠᠷ ᠰᠢᠷᠣᠢ ᠶᠢᠨ ᠫᠠᠶᠢᠰᠠ ᠶᠢ ᠬᠤᠷᠢᠶᠠᠬᠤ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ᠂ ᠢᠨᠵᠧᠨᠧᠷᠢᠩ ᠤᠨ ᠲᠥᠯᠦᠪᠵᠢᠭᠦᠯᠭᠡ ᠶᠢᠨ ᠵᠥᠪᠰᠢᠶᠡᠷᠡᠯ ᠵᠡᠷᠭᠡ ᠭᠤᠣᠯᠳᠠᠯᠭ᠎ᠠ ᠲᠠᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ᠂ 1200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠪᠠᠲᠤᠴᠠᠭᠠᠨ ᠤ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢ ᠶᠢᠨ ᠭᠡᠷ ᠪᠠᠶᠢᠰᠢᠩ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠮᠧᠩ ᠴᠠᠩ ᠢᠳᠡᠰᠢᠨ  ᠬᠤᠨᠢ ᠨᠢᠲᠤᠯᠬᠤ ᠵᠢᠴᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠦᠢᠯᠡᠳᠪᠦᠷᠢ ᠶᠢᠨ ᠭᠡᠷ ᠪᠠᠶᠢᠰᠢᠩ ᠪᠠ ᠠᠯᠪᠠᠨ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ᠱᠧᠨ ᠮᠧᠶ  ᠴᠠᠭᠠᠰᠤᠨ ᠪᠦᠲᠦᠭᠡᠭᠳᠡᠬᠦᠨ ᠤ ᠵᠦᠢᠯᠡᠰ ᠢ 6 ᠰᠠᠷ᠎ᠠ ᠳᠤ ᠲᠤᠷᠰᠢᠨ ᠦᠢᠯᠡᠳᠪᠦᠷᠢᠯᠡᠵᠦ᠂  ᠰᠢᠶᠠᠩ ᠨᠦᠸᠧ ᠡᠷᠳᠡᠨᠢ ᠰᠢᠰᠢ ᠪᠣᠯᠪᠠᠰᠤᠷᠠᠭᠤᠯᠬᠤ ᠵᠦᠢᠯᠡᠰ ᠢ 7 ᠰᠠᠷ᠎ᠠ ᠳᠤ ᠠᠰᠢᠭᠯᠠᠯᠲᠠ ᠳᠤ ᠣᠷᠣᠭᠤᠯᠵᠤ᠂  ᠱᠢ ᠶᠤᠸᠠᠢ ᠲᠤᠲᠤᠷᠭ᠎ᠠ‌ᠠᠮᠤ ᠪᠤᠳᠠᠭᠠᠨ ᠤ ᠬᠥᠮᠥᠷᠭᠡ ᠶᠢᠨ ᠵᠦᠢᠯᠡᠰ ᠢ 9 ᠰᠠᠷ᠎ᠠ ᠶᠢᠨ ᠰᠡᠭᠦᠯᠴᠢ ᠪᠠᠷ ᠦᠢᠯᠡᠳᠪᠦᠷᠢᠯᠡᠵᠦ᠂ ᠢᠦᠢ ᠶᠠᠨ ᠲᠠᠩ ᠤᠨ ᠨᠠᠷᠢᠮᠤ ᠶᠢᠨ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠬᠤ ᠵᠦᠢᠯᠡᠰ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ 10 ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ ᠣᠷᠣᠭᠤᠯᠵᠠᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠤᠭ᠎ᠠ ᠬᠡᠮᠵᠢᠶ᠎ᠡ ᠨᠢ ᠣᠯᠠᠨ᠂ ᠪᠠᠭᠲᠠᠭᠠᠮᠵᠢ ᠨᠢ ᠶᠡᠭᠡ᠂ ᠪᠣᠳᠠᠲᠠᠶᠢᠵᠢᠭᠤᠯᠬᠤ ᠨᠢ ᠲᠦᠷᠭᠡᠨ᠂ ᠶᠠᠰᠤ ᠴᠢᠨᠠᠷ ᠨᠢ ᠬᠠᠷᠢᠴᠠᠩᠭᠤᠢ ᠪᠠᠷ ᠥᠨᠳᠥᠷ ᠪᠠᠶᠢᠵᠤ᠂ ᠠᠤᠬᠠᠨ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠲᠡᠦᠬᠡ ᠶᠢᠨ ᠲᠡᠮᠳᠡᠭᠯᠡᠯ ᠢ ᠡᠭᠦᠳᠦᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号