| 2022 ᠣᠨ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠥᠰᠥᠪ ᠤᠨ ᠠᠵᠢᠯ ᠤᠨ | ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠢ ᠳᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠪᠥᠬᠦ ᠲᠠᠯ᠎ᠠ ᠶᠢᠨ᠂ ᠪᠥᠬᠦ ᠶᠠᠪᠤᠴᠠ ᠶᠢᠨ᠂ ᠪᠦᠬᠦᠨ ᠢ ᠬᠠᠮᠤᠷᠬᠤ︾ ᠲᠥᠰᠥᠪ ᠤᠨ | ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠲᠦᠷᠭᠡᠳᠬᠡᠨ ᠠᠬᠢᠭᠤᠯᠵᠤ᠂ ᠲᠥᠰᠥᠪ ᠤᠨ | ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠣᠨᠣᠯᠵᠢᠬᠤᠨ ᠢ ᠴᠢᠩᠭᠠᠷᠠᠭᠤᠯᠤᠨ᠂ ᠡᠳ᠋ ᠤᠨ ᠵᠠᠰᠠᠭ ᠤᠨ | ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ | ᠨᠢᠭᠡ ᠳᠤ᠂ ᠲᠥᠰᠥᠪ ᠤᠨ ᠵᠦᠢᠯᠡᠰ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠪᠠ᠃ ᠭᠤᠷᠪᠠᠳᠠᠭᠢ ᠡᠲᠡᠭᠡᠳ ᠤᠨ ᠵᠠᠭᠤᠴᠢ ᠪᠠᠶᠢᠭᠤᠯᠤᠮᠵᠢ ᠶᠢ ᠤᠷᠢᠵᠤ ᠲᠥᠰᠥᠪ ᠤᠨ | ᠨᠢᠭᠡᠴᠡ ᠶᠢᠨ 2023 ᠣᠨ ᠤ ᠲᠥᠰᠥᠪ ᠲᠤ ᠣᠷᠣᠭᠤᠯᠬᠤ ᠪᠠᠷ ᠮᠡᠳᠡᠭᠦᠯᠦᠭᠰᠡᠨ 417 ᠵᠦᠢᠯᠡᠰ ᠤᠨ ᠠᠮᠵᠢᠯᠲᠠ | ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠳᠤ ᠬᠤᠯᠪᠣᠭᠳᠠᠭᠰᠠᠨ ᠵᠣᠭᠤᠰ ᠤᠨ ᠲᠤᠭ᠎ᠠ 22.55 | ᠳ᠋ᠦᠩᠰᠢᠭᠤᠷ ᠲᠥᠭᠦᠷᠢᠭ ᠲᠤ ᠬᠦᠷᠴᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠤᠭᠰᠠᠨ ᠦᠷ᠎ᠡ | ᠳ᠋ᠦᠩ ᠢ ᠵᠦᠢᠯᠡᠰ ᠢ ᠬᠥᠮᠥᠷᠭᠡ ᠳᠤ ᠣᠷᠣᠭᠤᠯᠬᠤ ᠪᠠ ᠲᠥᠰᠥᠪ ᠤᠨ ᠲᠣᠬᠢᠷᠠᠭᠤᠯᠤᠯᠲᠠ ᠶᠢᠨ ᠴᠢᠬᠤᠯᠠ | ᠦᠨᠳᠦᠰᠦᠯᠡᠯ ᠪᠣᠯᠭᠠᠪᠠ᠃ ᠬᠤᠶᠠᠷ ᠲᠤ᠂ ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢ ᠦᠨᠡᠯᠡᠬᠦ ᠡᠷᠴᠢᠮ ᠢ | ᠴᠢᠩᠭᠠᠷᠠᠭᠤᠯᠪᠠ᠃ ᠠᠣᠬᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ | ᠴᠢᠬᠤᠯᠠ ᠶᠡᠭᠡ ᠲᠥᠷᠥᠯ ᠵᠦᠢᠯ ᠢ ᠦᠨᠡᠯᠡᠨ ᠰᠤᠩᠭᠤᠬᠤ ᠵᠢᠴᠢ ᠬᠠᠮᠤᠷᠬᠤ ᠬᠡᠪᠴᠢᠶ᠎ᠡ ᠪᠠᠷ ᠥᠷᠭᠡᠨ᠂ ᠨᠥᠯᠥᠭᠡᠯᠡᠬᠦ | ᠬᠦᠴᠦᠨ ᠢᠶᠠᠷ ᠶᠡᠭᠡ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ ᠲᠤᠰᠬᠠᠢ ᠵᠦᠢᠯ ᠤᠨ ᠪᠡᠯᠡ ᠮᠥᠩᠭᠦ᠂ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠵᠡᠷᠭᠡ 66 ᠭᠤᠣᠯᠳᠠᠯᠭ᠎ᠠ ᠲᠠᠢ ᠲᠥᠷᠥᠯ ᠵᠦᠢᠯ ᠪᠠ 6 ᠰᠠᠯᠠᠭ᠎ᠠ | ᠮᠥᠴᠢᠷ ᠤᠨ ᠪᠦᠬᠦ᠋ᠢᠯᠡ ᠵᠠᠷᠤᠯᠭ᠎ᠠ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ 6 ᠭᠤᠣᠯᠳᠠᠯᠭ᠎ᠠ ᠲᠠᠢ | ᠵᠦᠢᠯᠡᠰ ᠢ ᠰᠣᠩᠭᠤᠨ ᠳᠤᠮᠳᠠ ᠬᠤᠭᠤᠴᠠᠭᠠᠨ ᠤ ᠬᠢᠨᠠᠨ ᠡᠵᠡᠮᠳᠡᠯ ᠢ ᠬᠢᠵᠦ᠂ 2 ᠭᠤᠣᠯᠳᠠᠯᠭ᠎ᠠ ᠲᠠᠢ ᠵᠦᠢᠯᠡᠰ ᠲᠤ | ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠬᠢᠵᠦ᠂ ᠦᠨᠡᠯᠡᠭᠰᠡᠨ ᠵᠣᠭᠤᠰ ᠤᠨ ᠲᠤᠭ᠎ᠠ ᠨᠢ | 24.47 ᠳ᠋ᠦᠩᠰᠢᠭᠤᠷ ᠲᠥᠭᠦᠷᠢᠭ ᠲᠤ ᠬᠦᠷᠴᠦ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ | ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ᠂ | ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠵᠡᠷᠭᠡ ᠬᠦᠷᠢᠶ᠎ᠡ ᠶᠢ ᠬᠠᠮᠤᠷᠪᠠ᠃ |