| ᠣᠶᠢᠷ᠎ᠠ ᠶᠢᠨ ᠵᠢᠯ ᠳᠤ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠤᠰᠢᠭᠤ᠂ ᠰᠢᠶᠠᠩ᠂ | ᠲᠣᠰᠬᠤᠨ ᠭᠤᠷᠪᠠᠨ ᠱᠠᠲᠤᠨ ᠤ ︽ᠲᠣᠣᠷᠵᠢᠭᠤᠯᠤᠭᠰᠠᠨ︾ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ | ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ | ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠠᠭᠠᠳ ᠦᠭᠡᠢ ᠨᠠᠪᠲᠠᠷᠡᠭᠦᠯᠵᠦ | 246 ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ︽ | ᠭᠢᠷᠠᠬᠠᠢ ᠨᠢᠳᠦ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠴᠢᠷᠳᠡᠯ ᠲᠠᠢ ᠨᠠᠰᠤᠲᠠᠨ᠂ ᠵᠡᠮᠳᠡᠭᠴᠦᠳ᠂ | ᠨᠠᠰᠤᠨ ᠳᠤ ᠥᠯᠥ ᠬᠦᠷᠦᠭᠰᠡᠳ ᠵᠢᠴᠢ ᠥᠨᠥᠴᠢᠨ ᠥᠷᠥᠭᠡᠰᠦᠨ ᠭᠡᠷ ᠪᠦᠯᠢ ᠵᠡᠷᠭᠡ ︽ᠨᠢᠭᠡ ᠨᠠᠰᠤᠲᠠᠨ᠂ ᠨᠢᠭᠡ | ᠪᠠᠭ᠎ᠠ᠂ ᠨᠢᠭᠡ ᠵᠡᠮᠳᠡᠭ︾ ᠭᠤᠣᠯᠳᠠᠯᠭ᠎ᠠ ᠲᠠᠢ ᠬᠥᠮᠥᠰ ᠢ ᠴᠠᠭ ᠲᠤᠬᠠᠢ ᠳᠤᠨᠢ ᠠᠩᠬᠠᠷᠴᠤ᠂ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ︽ᠲᠠᠰ︾ ᠬᠤᠪᠢᠶᠠᠨ ᠳᠠᠭᠠᠵᠤ᠂ ᠦᠨᠳᠦᠰᠦᠨ ᠠᠮᠢᠳᠤᠷᠠᠯ ᠤᠨ ᠬᠠᠷᠠᠭᠠᠯᠵᠠᠯ ᠪᠠ | ᠳᠡᠮᠵᠢᠯᠭᠡ ᠶᠢᠨ ᠦᠢᠯᠡᠴᠢᠯᠡᠭᠡ᠂ ᠣᠶᠤᠨ ᠰᠠᠨᠠᠭᠠᠨ ᠤ ᠬᠠᠶᠢᠷ᠎ᠠ ᠬᠠᠯᠠᠮᠵᠢ ᠪᠠ ᠵᠠᠯᠠᠵᠤ ᠵᠢᠯᠤᠭᠤᠳᠬᠤ᠂ ᠤᠷᠢᠳᠴᠢᠯᠠᠨ | ᠰᠡᠷᠭᠡᠶᠢᠯᠡᠵᠦ ᠡᠷᠡᠭᠦᠯᠵᠢᠭᠦᠯᠬᠦ ᠪᠠ ᠡᠷᠡᠭᠦᠯᠵᠢᠭᠦᠯᠬᠦ ᠰᠤᠪᠢᠯᠠᠯᠲᠠ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ | ᠦᠨᠳᠦᠰᠦᠨ ᠵᠦᠢᠯ ᠢ ᠪᠠᠲᠤᠯᠠᠬᠤ ᠵᠡᠷᠭᠡ ᠦᠢᠯᠡᠴᠢᠯᠡᠭᠡ ᠶᠢ ᠵᠣᠬᠢᠴᠠᠩᠭᠤᠢ ᠪᠠᠷ ᠬᠠᠩᠭᠠᠵᠤ᠂ ︽ᠬᠥᠮᠥᠨ ᠨᠢ | ᠲᠥᠷᠥ ᠶᠢᠨ ᠪᠣᠳᠣᠯᠭ᠎ᠠ ᠡᠷᠢᠵᠦ︾ ᠪᠠᠶᠢᠭᠰᠠᠨ ᠢ ︽ᠲᠥᠷᠥ ᠶᠢᠨ ᠪᠣᠳᠣᠯᠭ᠎ᠠ ᠪᠠᠷ ᠬᠥᠮᠥᠨ ᠡᠷᠢᠬᠦ︾ ᠪᠣᠯᠭᠠᠨ | ᠬᠤᠪᠢᠷᠠᠭᠤᠯᠵᠤ᠂ ᠬᠦᠴᠢᠷᠳᠡᠯᠲᠡᠢ ᠣᠯᠠᠨ ᠲᠦᠮᠡᠨ ᠤ ︽ᠲᠤᠰᠠᠯᠠᠮᠵᠢ ᠣᠯᠬᠤ ᠭᠠᠵᠠᠷ ᠲᠠᠢ᠂ ᠴᠠᠭ ᠲᠤᠬᠠᠢ ᠳᠤᠨᠢ | ᠲᠤᠰᠠᠯᠠᠮᠵᠢ ᠭᠥᠷᠳᠡᠬᠦ︾ ᠶᠢ ᠦᠨᠡᠨᠬᠦ ᠪᠠᠲᠤᠯᠠᠬᠤ ᠬᠡᠷᠡᠭᠲᠡᠢ᠃ | ᠣᠳᠣᠬᠠᠨ ᠳᠤ᠂ ︽ᠲᠣᠥᠷᠵᠢᠭᠤᠯᠤᠭᠰᠠᠨ︾ ᠬᠠᠮᠢᠶᠠᠷᠤᠯᠲᠠ ᠶᠢᠨ ᠵᠠᠭᠪᠤᠷ ᠢᠶᠠᠷ ᠳᠡᠮᠵᠢᠨ ᠬᠦᠴᠢᠷᠳᠡᠯᠲᠡᠢ ᠣᠯᠠᠨ | ᠲᠦᠮᠡᠨ ᠳᠤ ᠲᠤᠯᠭᠠᠷᠠᠭᠰᠠᠨ 4000 ᠭᠠᠷᠤᠢ ᠪᠠᠴᠢᠮ ᠬᠦᠴᠢᠷᠲᠡᠢ ᠤᠴᠢᠷ ᠶᠠᠪᠤᠳᠠᠯ ᠤᠨ ᠰᠦᠪᠡᠭᠴᠢ ᠶᠢ | ᠰᠠᠨᠠᠭᠠᠴᠢᠯᠠᠭ᠎ᠠ ᠠᠴᠠ ᠪᠠᠨ ᠣᠶᠢᠯᠠᠭᠠᠨ ᠴᠤᠭᠯᠠᠭᠤᠯᠵᠤ᠂ ᠨᠥᠬᠦᠴᠡᠯ ᠳᠤ ᠨᠡᠶᠢᠴᠡᠬᠦ 1332 ᠬᠥᠮᠥᠨ ᠢ ᠴᠠᠭ | ᠲᠤᠬᠠᠢ ᠳᠤᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ 209 ᠬᠥᠮᠥᠨ ᠢ ᠣᠨᠴᠠ | ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠤ ᠣᠷᠣᠭᠤᠯᠤᠨ᠂ 1062 ᠬᠥᠮᠥᠨ ︵ | ᠤᠳᠠᠭ᠎ᠠ︶ ᠢ ᠲᠦᠷ ᠴᠠᠭ ᠠᠪᠤᠷᠠᠨ ᠲᠤᠰᠠᠯᠠᠪᠠ᠃ |