ᠠᠤᠬᠠᠨ ᠬᠤᠰᠢᠭᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠣᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ  ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/14
   12 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠣᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠶᠦᠩ ᠵᠢᠶᠦ᠋ᠨ ᠠᠤᠬᠠᠨ ᠬᠤᠰᠢᠭᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠣᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ  ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ  ᠬᠤᠷᠠᠯᠳᠤᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠣᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ  ᠪᠠᠷ ᠳᠣᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠣᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ᠢ  ᠳᠠᠮᠵᠢᠭᠤᠯᠤᠨ ᠰᠤᠷᠤᠯᠴᠠᠭᠰᠠᠨ ᠪᠥᠭᠡᠳ ᠪᠥᠬᠦ ᠬᠤᠰᠢᠭᠤᠨ ᠤ  ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠣᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ‍ᠤᠨ‌ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠤᠨ ᠨᠡᠭᠦᠷᠡᠰᠦᠲᠥ᠋ᠷᠥᠭᠴᠢ ᠶᠢᠨ  ᠰᠠᠭᠠᠷᠮᠠᠭᠵᠢᠭᠤᠯᠬᠤ ᠠᠵᠢᠯ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠲᠠᠷᠠᠭᠠᠴᠢ ᠶᠢᠨ ᠱᠠᠲᠤᠨ ᠤ ᠪᠥᠬᠦ ᠬᠤᠰᠢᠭᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠤᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠸᠠᠩ ᠶᠦᠩ ᠵᠢᠶᠦ᠋ᠨ ᠵᠢᠭᠠᠵᠤ ᠭᠠᠷᠭᠠᠭᠰᠠᠨ ᠨᠢ᠂ ᠨᠢᠭᠡ ᠳᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠨᠡᠭᠦᠷᠡᠰᠦᠲᠥ᠋ᠷᠥᠭᠴᠢ  ᠶᠢᠨ ᠤᠷᠬᠢᠯ  ᠳᠤ ᠬᠦᠷᠬᠦ ᠪᠣᠯᠤᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠪᠡᠶᠡᠯᠡᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠳᠣᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ᠂ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠤᠨ ᠭᠤᠣᠯ ᠰᠢᠪᠲᠤᠯᠬᠤ ᠴᠢᠭᠯᠡᠯ ᠪᠠ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢ ᠳᠤᠪᠤᠶᠢᠯᠭᠠᠵᠤ᠂ ︽ᠬᠤᠣᠰ ᠨᠡᠭᠦᠷᠡᠰᠦᠲᠥ᠋ᠷᠥᠭᠴᠢ︾  ᠶᠢᠨ ᠠᠵᠢᠯ ᠤᠨ ᠰᠠᠨᠠᠭᠠᠴᠢᠯᠠᠭᠠᠲᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠰᠢᠰᠲ᠋ᠧᠮᠲᠦ ᠰᠡᠳᠬᠢᠬᠦᠢ ᠪᠠᠷ ᠨᠢᠭᠡᠳᠦᠯᠲᠡᠢ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠬᠦ ᠶᠢ ᠪᠠᠷᠢᠮᠲᠠᠯᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠯᠠᠪᠯᠠᠯᠲᠠ ᠪᠣᠯᠭᠠᠨ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠤᠨ ᠬᠤᠯᠪᠣᠭᠳᠠᠯ ᠪᠦᠬᠦᠢ ᠰᠠᠨᠠᠯ᠂ ᠳᠦᠷᠢᠮ ᠪᠠ ᠬᠡᠷᠡᠭᠵᠢᠭᠦᠯᠬᠦ ᠲᠥᠰᠥᠯ ᠢ ᠰᠠᠶᠢᠲᠤᠷ ᠲᠣᠭᠲᠠᠭᠠᠵᠤ᠂ ︽ᠬᠤᠶᠠᠷ ᠥᠨᠳᠥᠷ ᠨᠢᠭᠡ ᠳᠣᠣᠷ᠎ᠠ︾ ᠶᠢᠨ ᠵᠦᠢᠯᠡᠰ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠨ᠎ᠠ᠃ ᠡᠭᠦᠨ ᠤ ᠵᠡᠷᠭᠡᠴᠡᠭᠡᠪᠡᠷ᠂ ᠨᠡᠶᠢᠭᠡᠮ ᠳᠠᠶᠠᠭᠠᠷ ᠤᠨ ᠡᠨᠧᠷᠭᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠦᠨ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠲᠦᠯᠬᠢᠨ ᠠᠬᠢᠭᠤᠯᠬᠤ ᠪᠠ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠬᠡᠷᠡᠭᠲᠡᠢ᠃ ᠭᠤᠷᠪᠠ ᠳᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ︽ᠬᠤᠣᠰ ᠨᠡᠭᠦᠷᠡᠰᠦᠲᠥ᠋ᠷᠥᠭᠴᠢ︾  ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠬᠤᠰᠢᠭᠤᠨ ᠤ ᠬᠤᠣᠰ ᠨᠡᠭᠦᠷᠡᠰᠦᠲᠥ᠋ᠷᠥᠭᠴᠢ ᠶᠢᠨ ᠠᠵᠢᠯ ᠤᠨ ᠤᠳᠤᠷᠢᠳᠬᠤ ᠳᠤᠭᠤᠶᠢᠯᠠᠩ ᠨᠢ ᠬᠥᠭᠵᠢᠯᠲᠡ ᠪᠠ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠬᠤᠷ ᠬᠤᠭᠤᠴᠠᠭ᠎ᠠ ᠪᠠ ᠳᠤᠮᠳᠠ ᠣᠷᠳᠣ ᠬᠤᠭᠤᠴᠠᠭᠠᠨ ᠤ ᠬᠠᠷᠢᠴᠠᠭ᠎ᠠ ᠶᠢ ᠪᠥᠬᠦ ᠲᠠᠯ᠎ᠠ ᠪᠠᠷ ᠪᠣᠳᠣᠯᠬᠢᠯᠠᠵᠤ᠂ ᠪᠦᠬᠦᠯᠢ ᠴᠣᠭᠴᠠ ᠪᠠᠷ ᠪᠠᠶᠢᠷᠢᠯᠠᠭᠤᠯᠬᠤ ᠪᠠ ᠰᠢᠰᠲ᠋ᠧᠮ ᠲᠠᠢ ᠪᠠᠷ ᠲᠦᠯᠬᠢᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠲᠥᠷᠥ ᠶᠢᠨ ᠪᠣᠳᠣᠯᠭ᠎ᠠ᠂ ᠪᠡᠯᠡ ᠮᠥᠩᠭᠦ ᠪᠠ ᠲᠥᠷᠥᠯ ᠵᠦᠢᠯ ᠤᠨ ᠳᠡᠮᠵᠢᠯᠭᠡ ᠶᠢ ᠲᠡᠮᠡᠴᠡᠨ ᠣᠯᠵᠤ᠂ ᠶᠡᠷᠦᠩᠬᠡᠶᠢᠯᠡᠭᠰᠡᠨ ᠬᠢᠨᠠᠨ ᠰᠢᠯᠭᠠᠬᠤ ᠳᠦᠷᠢᠮ ᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠡᠨᠧᠷᠭᠢ ᠠᠷᠪᠢᠯᠠᠬᠤ᠂ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠳᠤᠯ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ︽ᠲᠤᠭ᠎ᠠ︾ ᠠᠴᠠ ︽ᠴᠢᠨᠠᠷ ︾ ᠲᠤ ᠬᠦᠷᠬᠦ ᠦᠨᠳᠦᠰᠦᠨ ᠬᠤᠪᠢᠷᠠᠯᠲᠠ ᠶᠢ ᠲᠦᠷᠭᠡᠳᠬᠡᠨ ᠪᠡᠶᠡᠯᠡᠭᠦᠯᠵᠦ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ᠬᠥᠬᠡ ᠲᠡᠭᠷᠢ ᠴᠠᠭᠠᠨ ᠡᠭᠦᠯᠡ ᠶᠢ ᠬᠠᠮᠲᠤᠪᠠᠷ ᠰᠠᠶᠢᠲᠤᠷ ᠰᠠᠬᠢᠨ ᠬᠠᠮᠠᠭᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠪᠦᠲᠦᠭᠡᠨ  ᠪᠠᠶᠢᠭᠤᠯᠬᠤ ᠬᠡᠷᠡᠭᠲᠡᠢ᠃    ᠬᠤᠰᠢᠭᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠬᠦ ᠪᠣᠯᠣᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠶᠢᠨ  ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号