| ︽ᠭᠤᠷᠪᠠᠨ ᠶᠠᠪᠤᠳᠠᠯ︾ ᠢ ᠢᠯᠡ ᠪᠣᠯᠭᠠᠬᠤ ᠶᠢ ᠵᠢᠷᠤᠮᠵᠢᠭᠤᠯᠤᠨ᠂ ᠥᠨᠳᠥᠷ ᠪᠦᠲᠦᠮᠵᠢᠲᠡᠶ ᠠᠵᠢᠯᠯᠠᠭᠤᠯᠬᠤ ᠶᠢ | ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠰᠧ ᠵᠢᠶᠠ ᠽᠢ ᠪᠠᠯᠭᠠᠰᠤ ᠢᠯᠡ ᠪᠣᠯᠭᠠᠬᠤ ᠠᠭᠤᠯᠭ᠎ᠠ᠂ ᠢᠯᠡ | ᠪᠣᠯᠭᠠᠬᠤ ᠲᠠᠰ ᠳᠠᠷᠠᠭᠠᠯᠠᠯ᠂ ᠢᠯᠡ ᠪᠣᠯᠭᠠᠬᠤ ᠠᠷᠭ᠎ᠠ ᠵᠠᠮ ᠵᠡᠷᠭᠡ ᠲᠠᠯ᠎ᠠ ᠪᠠᠷ ᠬᠦᠴᠦᠯᠡᠵᠦ᠂ ︽ᠭᠤᠷᠪᠠᠨ ᠶᠠᠪᠤᠳᠠᠯ︾ | ᠢ ᠢᠯᠡ ᠪᠣᠯᠭᠠᠬᠤ ᠶᠢ ᠨᠠᠷᠢᠯᠢᠭᠵᠢᠭᠤᠯᠬᠤ᠂ ᠪᠠᠷᠢᠮᠵᠢᠶᠠᠵᠢᠭᠤᠯᠬᠤ᠂ ᠣᠯᠠᠨ ᠶᠠᠩᠵᠤᠴᠢᠯᠠᠬᠤ ᠶᠢ ᠦᠷᠭᠦᠯᠵᠢᠯᠡᠨ | ᠲᠦᠯᠬᠢᠨ ᠠᠬᠢᠭᠤᠯᠪᠠ᠃ | ᠢᠯᠡ ᠪᠣᠯᠭᠠᠬᠤ ᠠᠭᠤᠯᠭ᠎ᠠ ᠪᠠᠷ ︽ᠭᠠᠷᠳᠠᠬᠤ ᠴᠡᠭ︾ ᠪᠣᠯᠭᠠᠵᠤ᠂ ᠨᠠᠷᠢᠯᠢᠭᠵᠢᠭᠤᠯᠬᠤ ᠳᠡᠭᠡᠷ᠎ᠡ ᠬᠦᠴᠦᠯᠡᠪᠡ᠃ | ᠡᠯ᠎ᠡ ᠲᠣᠰᠬᠤᠨ ᠳᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯᠲᠠᠨ ᠲᠣᠬᠢᠷᠠᠭᠤᠯᠵᠤ᠂ ᠢᠯᠡ ᠪᠣᠯᠭᠠᠬᠤ | ᠠᠭᠤᠯᠭ᠎ᠠ ᠶᠢ ᠨᠠᠷᠢᠯᠢᠭᠵᠢᠭᠤᠯᠵᠤ᠂ ᠡᠳᠦᠷ ᠲᠤᠲᠤᠮ ᠤᠨ ᠨᠠᠮ ᠤᠨ ᠠᠵᠢᠯ᠂ ᠲᠣᠰᠬᠤᠨ ᠤ ᠶᠠᠪᠤᠳᠠᠯ ᠢ ᠢᠯᠡ | ᠪᠣᠯᠭᠠᠬᠤ ᠠᠴᠠ ᠭᠠᠳᠠᠨ᠎ᠠ᠂ ᠣᠯᠠᠨ ᠲᠦᠮᠡᠨ ᠤ ᠠᠩᠬᠠᠷᠴᠤ ᠪᠠᠶᠢᠭ᠎ᠠ ᠲᠠᠷᠢᠶᠠᠴᠢᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠢᠯᠡ ᠪᠣᠯᠭᠠᠬᠤ ᠡᠷᠴᠢᠮ ᠢ | ᠴᠢᠩᠭᠠᠷᠠᠭᠤᠯᠵᠤ᠂ ᠣᠯᠠᠨ ᠲᠦᠮᠡᠨ ᠤ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠰᠢᠢᠳᠪᠦᠷᠢᠯᠡᠬᠦ ᠲᠥᠰᠥᠯ | ᠵᠢᠴᠢ ᠰᠢᠢᠳᠪᠦᠷᠢᠯᠡᠬᠦ ᠠᠬᠢᠴᠠ ᠶᠢ ᠴᠠᠭ ᠲᠤᠬᠠᠢ ᠳᠤᠨᠢ ᠢᠯᠡ ᠪᠣᠯᠭᠠᠪᠠ᠃ ᠡᠭᠦᠨ ᠤ ᠬᠠᠮᠲᠤ᠂ ᠮᠡᠳᠡᠭᠡ ᠵᠠᠩᠭᠢ ᠶᠢᠨ | ᠰᠢᠨᠡᠴᠢᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠯᠠᠩᠭᠤᠶ᠎ᠠ ᠣᠯᠠᠨ ᠲᠦᠮᠡᠨ ᠤ ᠨᠡᠶᠢᠳᠡᠮ ᠠᠩᠬᠠᠷᠴᠤ | ᠪᠠᠶᠢᠭ᠎ᠠ ᠮᠡᠳᠡᠭᠡ ᠵᠠᠩᠭᠢ ᠶᠢ ᠴᠠᠭ ᠲᠤᠬᠠᠢ ᠳᠤᠨᠢ᠂ ᠣᠨᠣᠪᠴᠢᠲᠠᠶ ᠢᠯᠡ ᠪᠣᠯᠭᠠᠵᠤ᠂ ᠮᠡᠳᠡᠭᠡ ᠵᠠᠩᠭᠢ ᠶᠢ ᠨᠡᠶᠢᠲᠡᠯᠡᠬᠦ | ᠰᠠᠨᠠᠭᠠᠴᠢᠯᠠᠭᠠᠲᠤ ᠴᠢᠨᠠᠷ ᠪᠠ ᠬᠤᠭᠤᠴᠠᠭᠠᠲᠤ ᠴᠢᠨᠠᠷ ᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠳᠤ ︽ᠵᠠᠢ ᠦᠭᠡᠢ︾ | ᠪᠠᠶᠢᠬᠤ ᠶᠢ ᠲᠦᠯᠬᠢᠨ ᠠᠬᠢᠭᠤᠯᠪᠠ᠃ | ᠢᠯᠡ ᠪᠣᠯᠭᠠᠬᠤ ᠲᠠᠰ ᠳᠠᠷᠠᠭᠠᠯᠠᠯ ᠢᠶᠠᠷ ︽ᠲᠤᠯᠭᠠᠭᠤᠷᠢᠯᠠᠬᠤ ᠴᠡᠭ︾ ᠪᠣᠯᠭᠠᠵᠤ᠂ ᠪᠠᠷᠢᠮᠵᠢᠶᠠᠵᠢᠭᠤᠯᠤᠯᠲᠠ ᠶᠢᠨ | ᠲᠠᠯ᠎ᠠ ᠪᠠᠷ ᠬᠦᠴᠦᠯᠡᠪᠡ᠃ ︽ᠭᠤᠷᠪᠠᠨ ᠶᠠᠪᠤᠳᠠᠯ ᠢ ᠢᠯᠡ ᠪᠣᠯᠭᠠᠬᠤ︾ ᠤᠷᠳᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠨ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ | ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠢᠯᠡ ᠨᠡᠶᠢᠲᠡᠯᠡᠬᠦ ᠪᠤᠯᠤᠩ᠂ ᠵᠢᠷᠭᠢᠶ᠎ᠡ ᠶᠢᠨ ᠤᠯᠠᠨ ᠲᠦᠮᠡᠨ ᠵᠡᠷᠭᠡ | ᠰᠦᠯᠵᠢᠶᠡᠨ ᠳᠡᠭᠡᠷᠡᠬᠢ ᠵᠠᠭᠤᠴᠢᠯᠠᠭᠤᠷ ᠢ ᠠᠰᠢᠭᠯᠠᠨ᠂ ᠨᠠᠮ ᠤᠨ ᠭᠡᠰᠢᠭᠦᠨ ᠤᠯᠠᠨ ᠲᠦᠮᠡᠨ ᠳᠤ ᠨᠠᠮ ᠤᠨ ᠶᠠᠪᠤᠳᠠᠯ | ᠲᠣᠰᠬᠤᠨ ᠤ ᠶᠠᠪᠤᠳᠠᠯ ᠵᠡᠷᠭᠡ ᠮᠡᠳᠡᠭᠡ ᠵᠠᠩᠭᠢ ᠶᠢ ᠳᠠᠮᠵᠢᠭᠤᠯᠪᠠ᠃ ᠡᠭᠦᠨ ᠤ ᠬᠠᠮᠲᠤ᠂ ᠲᠣᠭᠲᠠᠮᠠᠯ | ᠬᠤᠭᠤᠴᠠᠭ᠎ᠠ ᠲᠠᠢ ᠪᠠᠷ ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠲᠠᠢ ᠤᠶᠠᠯᠳᠤᠭᠤᠯᠤᠨ᠂ ᠰᠠᠭᠤᠭᠠᠯᠢ | ᠠᠷᠠᠳ ᠤᠨ ᠰᠠᠨᠠᠯ ᠢ ᠥᠷᠭᠡᠨ ᠢᠶᠠᠷ ᠬᠤᠷᠢᠶᠠᠵᠤ᠂ ᠢᠯᠡ ᠪᠣᠯᠭᠠᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ | ᠬᠠᠷᠢᠶᠠᠲᠤ ᠣᠷᠣᠨ ᠤ ᠣᠯᠠᠨ ᠲᠦᠮᠡᠨ ᠢ ᠲᠤᠰ ᠭᠠᠴᠠᠭᠠᠨ ᠤ ᠬᠡᠷᠡᠭ ᠶᠠᠪᠤᠳᠠᠯ ᠤᠨ ᠬᠠᠮᠢᠶᠠᠷᠤᠯᠲᠠ ᠪᠠ ᠬᠢᠨᠠᠯᠲᠠ ᠳᠤ | ᠥᠷᠭᠡᠨ ᠢᠶᠠᠷ ᠣᠷᠣᠯᠴᠠᠭᠤᠯᠵᠤ᠂ ᠲᠤᠰ ᠭᠠᠴᠠᠭᠠᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠢᠯᠡ ᠪᠣᠯᠭᠠᠬᠤ ᠠᠷᠭ᠎ᠠ ᠵᠠᠮ ᠢᠶᠠᠷ ︽ᠬᠦᠴᠦᠯᠡᠬᠦ ᠴᠡᠭ︾ ᠪᠣᠯᠭᠠᠵᠤ᠂ ᠣᠯᠠᠨ ᠶᠠᠩᠵᠤ ᠶᠢᠨ ᠲᠠᠯ᠎ᠠ ᠪᠠᠷ | ᠬᠦᠴᠦᠯᠡᠪᠡ᠃ ᠠᠳᠠᠯᠢ ᠪᠤᠰᠤ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠤᠰᠠᠳᠠ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠶᠠᠷ ᠭᠤᠣᠯ ᠱᠤᠭᠤᠮ ᠳᠤ ᠠᠩᠬᠠᠷᠤᠯ ᠢᠶᠠᠨ | ᠲᠥᠪᠯᠡᠷᠡᠭᠦᠯᠦᠨ ᠬᠦᠴᠦᠯᠡᠵᠦ᠂ ᠡᠯ᠎ᠡ ᠲᠥᠷᠥᠯ ᠤᠨ ᠲᠠᠪᠴᠠᠩ ᠤᠨ ᠠᠴᠢᠶᠠᠯᠠᠪᠤᠷᠢ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠢᠯᠡ ᠪᠣᠯᠭᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠪᠡ᠃ ᠲᠣᠰᠬᠤᠨ ᠤ ᠠᠷᠠᠳ ᠤᠨ | ᠬᠤᠷᠠᠯ᠂ ᠲᠣᠰᠬᠤᠨ ᠤ ᠢᠯᠡ ᠨᠡᠶᠢᠲᠡᠯᠡᠬᠦ ᠪᠤᠯᠤᠩ᠂ ᠭᠤᠷᠪᠠᠨ ᠶᠠᠪᠤᠳᠠᠯ ᠢ ᠢᠯᠡ ᠪᠣᠯᠭᠠᠬᠤ ᠰᠢᠰᠲ᠋ᠧᠮ ᠵᠡᠷᠭᠡ | ᠬᠡᠯᠪᠡᠷᠢ ᠶᠢᠨ ᠰᠠᠭᠤᠷᠢᠨ ᠳᠡᠭᠡᠷ᠎ᠡ᠂ ᠣᠯᠠᠨ ᠲᠦᠮᠡᠨ ᠤ ᠮᠡᠳᠡᠪᠡᠰᠦ ᠵᠣᠬᠢᠬᠤ ᠢᠯᠡ ᠪᠣᠯᠭᠠᠬᠤ ᠠᠭᠤᠯᠭ᠎ᠠ ᠶᠢ ᠢᠯᠡ | ᠪᠣᠯᠭᠠᠬᠤ ᠬᠡᠪᠴᠢᠶᠡᠨ ᠳᠤ ᠣᠷᠣᠭᠤᠯᠵᠤ᠂ ︽ᠰᠦᠯᠵᠢᠶᠡᠨ ᠳᠡᠭᠡᠷ᠎ᠡ︾ ︽ᠰᠦᠯᠵᠢᠶᠡᠨ ᠭᠠᠳᠠᠨ᠎ᠠ︾ ᠶᠢ ᠵᠡᠷᠭᠡᠪᠡᠷ | ᠢᠯᠡ ᠪᠣᠯᠭᠠᠬᠤ ᠶᠢ ᠪᠡᠶᠡᠯᠡᠭᠦᠯᠵᠦ᠂ ᠨᠠᠮ ᠤᠨ ᠲᠠᠭᠤᠨ ᠬᠤᠭᠤᠯᠠᠢ᠂ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠵᠦᠢᠯᠡᠰ ᠵᠡᠷᠭᠡ ᠶᠢ ᠣᠯᠠᠨ ᠲᠦᠮᠡᠨ ᠤ ᠳᠤᠮᠳᠠ | ᠳᠠᠮᠵᠢᠭᠤᠯᠪᠠ᠃ |