ᠭᠤᠷᠪᠠᠨᠬᠤᠸᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢᠳᠡᠭᠡᠨ ᠤ ᠠᠮᠤᠷ | ᠲᠦᠪᠰᠢᠨ ᠤ ︽ᠬᠤᠷᠢᠭ᠎ᠠ ᠱᠤᠭᠤᠮ ᠢ ᠰᠠᠬᠢᠬᠤ᠂ ᠳᠠᠯᠳᠠ ᠬᠡᠮ ᠢ ᠪᠠᠶᠢᠴᠠᠭᠠᠬᠤ᠂ ᠠᠮᠤᠷ ᠲᠦᠪᠰᠢᠨ ᠢ ᠪᠠᠲᠤᠯᠠᠬᠤ︾ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ | ᠰᠢ ᠶᠢᠨ ᠫᠢᠩ ᠶᠡᠷᠦᠩᠬᠡᠢ ᠱᠦᠵᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠤᠨ ᠰᠤᠷᠤᠯᠴᠠᠵᠤ᠂ ᠲᠦᠭᠰᠢᠭᠦᠷᠢ ᠶᠢ ᠰᠡᠷᠭᠡᠶᠢᠯᠡᠨ | ᠨᠠᠮᠳᠠᠭᠠᠵᠤ᠂ ᠬᠤᠷᠢᠭ᠎ᠠ ᠱᠤᠭᠤᠮ ᠢ ᠡᠷᠡᠰ ᠰᠠᠬᠢᠵᠤ᠂ ᠢᠳᠡᠭᠡᠨ ᠤ ᠠᠮᠤᠷ ᠲᠦᠪᠰᠢᠨ ᠤ ᠪᠦᠬᠦ ᠣᠷᠣᠨ ᠤ ᠪᠦᠬᠦ | ᠵᠢᠯ ᠤᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠭᠤᠷᠪᠠᠨᠬᠤᠸᠠ ᠶᠢᠨ ᠢᠳᠡᠭᠡᠨ ᠤ ᠠᠮᠤᠷ ᠲᠦᠪᠰᠢᠨ ᠤ ︽ | ᠬᠤᠷᠢᠭ᠎ᠠ ᠱᠤᠭᠤᠮ ᠢ ᠰᠠᠬᠢᠬᠤ᠂ ᠲᠠᠯᠳᠠ ᠭᠡᠮ ᠢ ᠪᠠᠶᠢᠴᠠᠭᠠᠬᠤ᠂ ᠠᠮᠤᠷ ᠲᠦᠪᠰᠢᠨ ᠢ ᠪᠠᠲᠤᠯᠠᠬᠤ︾ ᠲᠤᠰᠬᠠᠢ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃ | ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠮᠠᠯᠵᠢᠬᠤ ᠲᠠᠷᠢᠶᠠᠯᠠᠬᠤ ᠣᠷᠣᠨ᠂ ᠬᠤᠲᠠ ᠬᠥᠳᠡᠭᠡ ᠶᠢᠨ | ᠠᠭᠤᠯᠵᠠᠷ ᠬᠡᠰᠡᠭ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠵᠡᠷᠭᠡ ᠪᠠᠷ ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ᠂ ᠢᠳᠡᠭᠡᠨ ᠤᠮᠳᠠᠭᠠᠨ ᠤ ᠳᠡᠯᠭᠡᠭᠦᠷ᠂ ᠢᠳᠡᠭᠡᠨ | ᠤᠮᠳᠠᠭᠠᠨ ᠤ ᠲᠠᠯᠠᠪᠤᠷ ᠵᠡᠷᠭᠡ ᠪᠠᠷ ᠭᠤᠤᠯᠳᠠᠯᠭ᠎ᠠ ᠲᠠᠢ ᠡᠲᠡᠭᠡᠳ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢᠨ | ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠢᠳᠡᠭᠡᠨ ᠤ ᠬᠡᠷᠡᠭᠯᠡᠭᠡᠨ ᠤ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠬᠠᠮᠠᠭᠠᠯᠠᠨ᠎ᠠ᠃ ᠨᠢᠭᠡ ᠳᠤ᠂ ᠡᠯ᠎ᠡ ᠨᠢᠭᠡᠴᠢ ᠶᠢᠨ ︽ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ | ᠠᠮᠠᠪᠴᠢ ᠵᠡᠭᠦᠬᠦ᠂ ᠡᠳᠦᠷ ᠲᠤᠲᠤᠮ ᠤᠨ ᠠᠷᠢᠭᠤᠳᠬᠠᠯ ᠬᠢᠬᠦ︾ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠵᠤ᠂ ᠡᠯ᠎ᠡ | ᠨᠢᠭᠡᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠢᠳᠡᠭᠡᠨ ᠤ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠶ︔ ᠬᠤᠶᠠᠷ ᠲᠤ᠂ ᠡᠯ᠎ᠡ | ᠨᠢᠭᠡᠴᠢ ᠶᠢᠨ ᠪᠡᠶᠡᠴᠢ ᠴᠣᠭᠴᠠ ᠶᠢᠨ ᠬᠢᠷᠢ ᠬᠡᠮ ᠨᠢ ᠬᠠᠤᠯᠢ ᠶᠣᠰᠣᠨ ᠤ ᠪᠥᠭᠡᠳ ᠬᠦᠴᠦᠨ ᠲᠠᠢ ᠪᠠᠶᠢᠬᠤ ᠡᠰᠡᠬᠦ᠂ | ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠵᠡᠷᠭᠡ ᠡᠭᠦᠷᠭᠡ ᠶᠢ ᠭᠦᠢᠴᠡᠳᠬᠡᠭᠰᠡᠨ | ᠡᠰᠡᠬᠦ᠂ ᠬᠤᠭᠤᠴᠠᠭ᠎ᠠ ᠨᠢ ᠥᠩᠭᠡᠷᠡᠭᠡᠳ ᠴᠢᠨᠠᠷ ᠨᠢ ᠬᠤᠪᠢᠷᠬᠠᠰᠠᠨ᠂ ᠬᠠᠭᠤᠷᠮᠠᠭ ᠮᠠᠭᠤ ᠦᠢᠯᠡᠳᠬᠦᠨ᠂ ᠢᠳᠡᠭᠡᠨ ᠤ | ᠨᠡᠮᠡᠯᠲᠡ ᠡᠳ᠋ ᠢ ᠳᠤᠷ᠎ᠠ ᠪᠠᠷ ᠢᠶᠠᠨ ᠬᠡᠷᠡᠭᠯᠡᠭᠰᠡᠨ ᠵᠡᠷᠭᠡ ᠬᠢᠷᠢ ᠲᠡᠩᠴᠡᠬᠦ ᠦᠭᠡᠢ ᠢᠳᠡᠭᠡᠨ ᠢ ᠬᠡᠷᠡᠭᠯᠡᠭᠰᠡᠨ ᠪᠠ | ᠪᠣᠷᠣᠯᠠᠭᠤᠯᠤᠭᠰᠠᠨ ᠡᠰᠡᠬᠦ ᠶᠢ ᠪᠠᠶᠢᠴᠠᠭᠠᠨ ᠦᠵᠡᠪᠡ᠃ | ᠲᠣᠰ ᠤᠳᠠᠭ᠎ᠠ ᠨᠡᠶᠢᠲᠡ 12 ᠰᠤᠷᠭᠠᠭᠤᠯᠢ ᠬᠡᠤᠬᠡᠳ ᠤᠨ ᠴᠡᠴᠡᠷᠯᠢᠭ᠂ 8 ᠰᠤᠷᠭᠠᠭᠤᠯᠢ ᠶᠢᠨ ᠬᠦᠷᠢᠶᠡᠨ ᠤ | ᠡᠷᠬᠢᠨ ᠲᠣᠭᠤᠷᠢᠨ᠂ 32 ᠢᠳᠡᠭᠡᠨ ᠤ ᠳᠡᠯᠭᠡᠭᠦᠷ᠂ 12 ᠢᠳᠡᠭᠡᠨ ᠤᠮᠳᠠᠭᠠᠨ ᠤ ᠨᠢᠭᠡᠴᠡ ᠶᠢ ᠪᠠᠶᠢᠴᠠᠭᠠᠪᠠ᠃ | ᠭᠤᠷᠪᠠᠨᠬᠤᠸᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠢᠳᠡᠭᠡᠨ ᠤ ᠠᠮᠤᠷ | ᠲᠦᠪᠰᠢᠨ ᠤ ᠭᠤᠭᠴᠤᠭ᠎ᠠ ᠶᠢᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ | ᠲᠦᠪᠰᠢᠨ ᠢ ᠦᠨᠡᠨᠬᠦ ᠪᠠᠲᠤᠯᠠᠬᠤ ᠪᠣᠯᠤᠨ᠎ᠠ᠃ |