| ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠴᠡᠷᠢᠭ ᠠᠴᠠ ᠬᠠᠯᠠᠭᠳᠠᠭᠰᠠᠳ ᠤᠨ ᠠᠵᠢᠯ ᠪᠣᠯ ᠨᠢᠭᠡ ᠵᠦᠢᠯ ᠤᠨ | ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠪᠠᠰᠠ ᠴᠤ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠶ | ᠰᠢᠰᠲ᠋ᠧᠮᠲᠦ ᠢᠨᠵᠧᠨᠧᠷᠢᠩ ᠮᠥᠨ᠃ ᠠᠵᠢᠯ ᠤᠨ ᠳᠤᠮᠳᠠ᠂ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ | ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠨ᠂ ᠴᠡᠷᠢᠭ ᠠᠴᠠ | ᠬᠠᠯᠠᠭᠳᠠᠭᠰᠠᠳ ᠤᠨ ᠨᠡᠶᠢᠭᠡᠮ ᠤᠨ ᠤᠯᠤᠰ ᠲᠥᠷᠥ ᠶᠢᠨ ᠪᠠᠶᠢᠷᠢ ᠰᠠᠭᠤᠷᠢ ᠪᠠ ᠢᠷᠠᠭᠤ ᠠᠯᠳᠠᠷᠲᠤ ᠰᠡᠳᠬᠢᠯᠭᠡ ᠶᠢ | ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠨ᠎ᠡ ᠪᠠᠶᠢᠳᠠᠯ ᠢ | ᠴᠢᠷᠮᠠᠶᠢᠨ ᠡᠭᠦᠳᠪᠡ᠃ | ᠢᠳᠡᠪᠬᠢᠲᠡᠶ ᠪᠠᠷ ᠤᠬᠠᠭᠤᠯᠤᠨ᠎ᠠ᠃ ᠬᠠᠷᠢᠶᠠᠲᠤ ᠣᠷᠣᠨ ᠳᠠᠬᠢ ᠴᠡᠷᠢᠭ ᠠᠴᠠ ᠬᠠᠯᠠᠭᠳᠠᠭᠰᠠᠳ ᠤᠨ ᠣᠷᠣᠰᠢᠨ | ᠠᠮᠢᠳᠤᠷᠠᠬᠤ ᠶᠢ ᠭᠡᠷᠡᠴᠢᠯᠡᠬᠦ ᠠᠵᠢᠯ ᠢ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠮᠠᠨ ᠤ | ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠣᠷᠣᠰᠢᠨ ᠠᠮᠢᠳᠤᠷᠠᠬᠤ ᠶᠢ | ᠭᠡᠷᠡᠴᠢᠯᠡᠬᠦ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠭᠡᠷᠡᠴᠢᠯᠡᠬᠦ ᠴᠠᠭ᠂ ᠭᠡᠷᠡᠴᠢᠯᠡᠬᠦ ᠠᠷᠭ᠎ᠠ ᠮᠠᠶ᠋ᠢᠭ ᠪᠠ | ᠭᠡᠷᠡᠴᠢᠯᠡᠬᠦ ᠭᠠᠵᠠᠷ ᠢ ᠲᠣᠳᠣᠷᠬᠠᠶᠢᠯᠠᠵᠤ᠂ ᠥᠪᠡᠰᠦᠪᠡᠨ ᠰᠠᠨᠠᠭᠠᠴᠢᠯᠠᠭ᠎ᠠ ᠠᠴᠠ ᠪᠠᠨ ᠭᠡᠷᠡᠴᠢᠯᠡᠬᠦ ᠶᠢ ᠪᠡᠶᠡᠯᠡᠭᠦᠯᠬᠦ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠨᠠᠷᠢᠨ ᠨᠢᠮᠪᠠᠶ ᠵᠣᠬᠢᠶᠠᠨ ᠪᠠᠶᠢᠭᠤᠯᠤᠨ᠎ᠠ᠃ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ | ᠤ ᠥᠷᠲᠡᠭᠡ ᠨᠢ ᠢᠳᠡᠪᠬᠢᠲᠡᠶ ᠪᠠᠷ ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ᠂ ᠲᠥᠪᠯᠡᠷᠡᠭᠦᠯᠦᠨ | ᠭᠦᠢᠴᠡᠳᠭᠡᠬᠦ ᠠᠷᠭ᠎ᠠ ᠮᠠᠶ᠋ᠢᠭ ᠢᠶᠠᠷ ᠠᠵᠢᠯ ᠢᠶᠠᠨ ᠦᠷᠨᠢᠭᠦᠯᠪᠡ᠃ ᠲᠤᠬᠠᠶ ᠶᠢᠨ ᠲᠠᠯᠠᠪᠤᠷ ᠲᠤ ᠴᠤᠭᠯᠠᠭᠤᠯᠬᠤ᠂ | ᠭᠠᠷ ᠤᠲᠠᠰᠤ ᠪᠠᠷ ᠲᠡᠮᠲᠡᠭᠯᠡᠨ ᠣᠷᠣᠭᠤᠯᠬᠤ᠂ ᠨᠢᠭᠡᠳᠦᠯᠲᠡᠶ ᠬᠢᠨᠠᠨ ᠬᠠᠷᠭᠤᠭᠤᠯᠵᠤ ᠲᠤᠰᠢᠶᠠᠬᠤ ᠵᠡᠷᠭᠡ ᠠᠯᠢ | ᠣᠯᠠᠨ ᠴᠤᠪᠤᠷᠠᠯ ᠢᠶᠠᠷ ᠶᠠᠪᠤᠭᠳᠠᠭᠤᠯᠪᠠ᠃ | ᠦᠨᠡᠨᠴᠢ ᠪᠠᠷ ᠦᠢᠯᠡᠴᠢᠯᠡᠨ᠎ᠡ᠃ ᠠᠵᠢᠯ ᠤᠨ ᠳᠤᠮᠳᠠ ᠪᠠᠨ᠂ ᠠᠵᠢᠯᠲᠠᠳ ᠦᠢᠯᠡᠴᠢᠯᠡᠭᠡᠨ ᠤ | ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠨᠠᠮ ᠪᠠ ᠵᠠᠰᠠᠭ ᠤᠨ ᠣᠷᠳᠣᠨ ᠠᠴᠠ ᠴᠡᠷᠢᠭ ᠠᠴᠠ ᠬᠠᠯᠠᠭᠳᠠᠭᠰᠠᠳ ᠢ | ᠬᠠᠯᠠᠮᠵᠢᠯᠠᠨ ᠬᠠᠶᠢᠷᠠᠯᠠᠬᠤ ᠶᠢ ᠲᠡᠭᠦᠨ ᠤ ᠳᠤᠮᠳᠠ ᠳᠣᠭᠤᠰᠢᠯᠠᠭᠤᠯᠵᠤ᠂ ᠬᠠᠯᠠᠰᠢᠷᠠᠯ ᠥᠬᠡᠶ ᠲᠠᠶᠢᠯᠪᠤᠷᠢᠯᠠᠨ᠂ | ᠨᠠᠰᠤᠲᠠᠶᠢᠴᠤᠳ ᠢ ᠬᠠᠪᠰᠤᠷᠤᠨ ᠭᠡᠷᠡᠴᠢᠯᠡᠯ ᠢ ᠤᠷᠤᠭᠰᠢᠲᠠᠶ ᠭᠦᠢᠴᠡᠳᠭᠡᠵᠡᠢ᠃ ᠥᠨᠳᠥᠷ ᠨᠠᠰᠤᠲᠠᠶ᠂ ᠵᠡᠮᠳᠡᠭ | ᠵᠡᠷᠭᠡ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠲᠤ ᠣᠷᠣᠯᠠᠨ ᠭᠦᠢᠴᠡᠳᠭᠡᠬᠦ ᠦᠢᠯᠡᠴᠢᠯᠡᠭᠡ | ᠬᠡᠷᠡᠭᠵᠢᠭᠦᠯᠵᠦ᠂ ᠠᠵᠢᠯᠲᠠᠨ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠵᠤ ᠬᠡᠷᠡᠯ ᠵᠢᠷᠤᠭ ᠴᠤᠭᠯᠠᠭᠤᠯᠵᠤ᠂ | ᠲᠥᠷᠥ ᠶᠢᠨ ᠪᠣᠳᠣᠯᠭ᠎ᠠ ᠶᠢ ᠠᠬᠠᠮᠠᠳ ᠴᠡᠷᠢᠭ ᠤᠨ ᠭᠠᠷ ᠲᠤ ᠬᠦᠷᠭᠡᠨ᠂ ᠬᠠᠯᠠᠭᠤᠨ ᠳᠤᠯᠠᠭᠠᠨ ᠢ ᠰᠡᠳᠬᠢᠯ ᠳᠤᠨᠢ | ᠬᠠᠲᠠᠩᠰᠢᠭᠤᠯᠪᠠ᠃ | ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠨ᠎ᠠ᠃ ᠪᠠᠯᠭᠠᠰᠤᠨ ᠤ ᠴᠡᠷᠢᠭ ᠠᠴᠠ ᠬᠠᠯᠠᠭᠳᠠᠭᠰᠠᠳ | ᠤᠨ ᠦᠢᠯᠡᠴᠢᠯᠡᠭᠡᠨ ᠤ ᠥᠷᠲᠡᠭᠡ ᠨᠢ ᠲᠣᠬᠤᠨᠢᠭᠤᠯᠬᠤ᠂ ᠠᠰᠠᠷᠠᠨ ᠬᠠᠷᠠᠭᠠᠯᠵᠠᠬᠤ ᠡᠲᠡᠭᠡᠳ ᠤᠨ ᠠᠮᠢᠳᠤᠷᠠᠯ ᠤᠨ | ᠪᠠᠶᠢᠳᠠᠯ᠂ ᠦᠵᠡᠯ ᠰᠠᠨᠠᠭᠠᠨ ᠤ ᠪᠠᠶᠢᠳᠠᠯ ᠢ ᠣᠶᠢᠯᠠᠭᠠᠬᠤ ᠵᠡᠷᠭᠡ ᠠᠵᠢᠯ ᠢ ᠭᠡᠷᠡᠴᠢᠯᠡᠨ ᠮᠠᠭᠠᠳᠯᠠᠬᠤ ᠠᠵᠢᠯ ᠲᠠᠢ | ᠣᠷᠭᠠᠨᠢᠭ ᠢᠶᠠᠷ ᠤᠶᠠᠯᠳᠤᠭᠤᠯᠵᠤ᠂ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠪᠠ ᠵᠥᠷᠢᠴᠡᠯ ᠤᠨ ᠳᠠᠯᠳᠠ ᠬᠡᠮ ᠢ | ᠴᠠᠭ ᠲᠤᠬᠠᠶ ᠳᠤᠨᠢ ᠴᠤᠭᠯᠠᠭᠤᠯᠵᠤ᠂ ᠬᠤᠯᠪᠣᠭᠳᠠᠯ ᠪᠥᠬᠦᠶ ᠬᠥᠳᠡᠯᠦᠩᠭᠦᠶ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ | ᠴᠠᠭ ᠲᠤᠬᠠᠶ ᠳᠤᠨᠢ ᠰᠢᠨᠡᠳᠬᠡᠵᠦ᠂ ᠬᠤᠶᠢᠰᠢᠳᠠ ᠶᠢᠨ ᠠᠰᠠᠷᠠᠨ ᠬᠠᠷᠠᠭᠠᠯᠵᠠᠬᠤ ᠠᠵᠢᠯ ᠳᠤ ᠪᠠᠲᠤ ᠪᠠᠬᠢ ᠰᠠᠭᠤᠷᠢ | ᠬᠠᠩᠭᠠᠪᠠ᠃ |