ᠠᠤᠬᠠᠨ ᠬᠤᠰᠢᠭᠤᠨ ᠤ 2023 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠪᠠ
ᠨᠡᠶᠢᠲᠡᠯᠡᠭᠰᠡᠨ ᠴᠠᠭ᠄
2022/12/26
       ᠣᠳᠣᠬᠠᠨ ᠳᠤ᠂ ᠠᠤᠬᠠᠨ ᠬᠤᠰᠢᠭᠤ 2023 ᠣᠨ ᠳᠤ 1000 ᠲᠦᠮᠡᠨ ᠲᠥᠭᠦᠷᠢᠭ ᠠᠴᠠ ᠳᠡᠭᠡᠭᠰᠢ ︵ᠨᠡᠶᠢᠭᠡᠮ ᠤᠨ ᠦᠢᠯᠡᠰ ᠤᠨ 500 ᠲᠦᠮᠡᠨ ᠲᠥᠭᠦᠷᠢᠭ ᠠᠴᠠ ᠳᠡᠭᠡᠭᠰᠢ︶ ᠭᠤᠣᠯᠳᠠᠯᠭ᠎ᠠ ᠲᠠᠢ 124 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 284 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠲᠥᠯᠥᠪᠯᠡᠭᠡ ᠪᠠᠷ 121 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃    ᠲᠠᠷᠠᠭᠠᠴᠢ ᠶᠢᠨ ᠠᠯᠬᠤᠮ ᠳᠤ᠂ ᠬᠡᠷᠡᠭᠵᠢᠭᠦᠯᠬᠦ ᠪᠠᠷ ᠪᠠᠶᠢᠭ᠎ᠠ ᠲᠥᠷᠥᠯ ᠵᠦᠢᠯ ᠳᠤ ᠭᠦᠨᠵᠡᠭᠡᠢ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠣᠨᠣᠪᠴᠢᠲᠠᠶ ᠡᠵᠡᠮᠰᠢᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠢᠷᠡᠬᠦ ᠵᠢᠯ ᠤᠨ ᠠᠵᠢᠯ ᠡᠬᠢᠯᠡᠬᠦ ᠤᠯᠠᠷᠢᠯ ᠳᠤ ᠦᠯᠡᠮᠵᠢ ᠣᠯᠠᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号