| 12 ᠰᠠᠷ᠎ᠠ ᠶᠢᠨ 27 ᠤ ᠡᠳᠦᠷ᠂ ᠶᠢᠰᠦᠳᠦᠭᠡᠷ ᠬᠤᠭᠤᠴᠠᠭᠠᠨ ᠤ ᠳᠡᠯᠡᠬᠡᠢ ᠶᠢᠨ ᠨᠠᠷᠢᠮᠤ ᠶᠢᠨ ᠡᠭᠦᠰᠦᠯ ᠪᠠ | ᠬᠥᠭᠵᠢᠯᠲᠡ ᠶᠢᠨ ᠬᠤᠷᠠᠯ ᠥᠪᠥᠷ ᠮᠣᠩᠭᠤᠯ ᠤᠨ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃ | ᠡᠨᠡ ᠵᠢᠯ ᠤᠨ ᠶᠡᠭᠡ ᠬᠤᠷᠠᠯ ᠤᠨ ᠭᠤᠣᠯ ᠰᠡᠳᠦᠪ ᠪᠣᠯ᠄ ᠲᠠᠷᠢᠶᠠᠯᠠᠩ ᠤᠨ ᠥᠪ ᠢ ᠬᠠᠮᠠᠭᠠᠯᠠᠵᠤ ᠲᠠᠷᠢᠶᠠᠯᠠᠭ᠎ᠠ ᠶᠢᠨ | ᠠᠵᠢᠯ ᠢ ᠦᠷᠭᠦᠯᠵᠢᠯᠡᠨ ᠤᠷᠤᠭᠰᠢᠯᠠᠭᠤᠯᠤᠨ᠎ᠠ᠃ | 2012 ᠣᠨ ᠳᠤ᠂ ᠠᠤᠬᠠᠨ ᠤ ᠬᠠᠭᠤᠷᠠᠢ ᠲᠠᠷᠢᠶᠠᠯᠠᠩ ᠤᠨ ᠰᠢᠰᠲ᠋ᠧᠮ ᠨᠢ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠳᠤ ︽ᠪᠥᠬᠦ ᠳᠡᠯᠡᠬᠡᠢ ᠶᠢᠨ ᠴᠢᠬᠤᠯᠠ | ᠲᠠᠷᠢᠶᠠᠯᠠᠩ ᠤᠨ ᠰᠣᠶᠣᠯ ᠤᠨ ᠥᠪ︾ ᠢᠶᠠᠷ ᠵᠢᠭᠰᠠᠭᠠᠭᠳᠠᠪᠠ᠂ 2022 ᠣᠨ ᠪᠣᠯ ᠠᠤᠬᠠᠨ ᠤ ᠡᠨᠡ ᠬᠦ ᠢᠷᠠᠭᠤ | ᠠᠯᠳᠠᠷ ᠢ ᠭᠥᠷᠳᠡᠭᠰᠡᠨ ᠠᠷᠪᠠᠨ ᠵᠢᠯ ᠤᠨ ᠣᠶ ᠪᠣᠯᠣᠨ᠎ᠠ᠃ ᠬᠠᠭᠤᠷᠠᠢ ᠲᠠᠷᠢᠶᠠᠯᠠᠩ ᠨᠢ ᠥᠨᠢ ᠤᠳᠠᠭᠠᠨ ᠲᠡᠦᠬᠡ ᠲᠠᠢ | ᠲᠠᠷᠢᠶᠠᠯᠠᠩ ᠤᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠠᠷᠪᠠᠨ ᠵᠢᠯ ᠤᠨ ᠴᠢᠷᠮᠠᠶᠢᠯᠭ᠎ᠠ ᠳᠤ ᠢᠮᠠᠭᠲᠠ ᠡᠷᠡᠰ | ᠪᠠᠲᠤ ᠪᠠᠷᠢᠮᠲᠠᠯᠠᠯ ᠠᠬᠤᠭᠤᠯᠤᠭᠳᠠᠵᠤ ᠪᠠᠶᠢᠳᠠᠭ᠃ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠠᠮᠲᠤ ᠪᠠᠷ | ᠬᠦᠰᠡᠨ ᠬᠦᠯᠢᠶᠡᠭᠰᠡᠨ ᠶᠢᠰᠦᠳᠦᠭᠡᠷ ᠬᠤᠭᠤᠴᠠᠭᠠᠨ ᠤ ᠦᠪᠡᠳᠡᠭᠰᠢ ᠬᠤᠷᠠᠯ ᠢ ᠤᠭᠲᠤᠨ ᠠᠪᠤᠯ᠎ᠠ︕ | ᠡᠨᠡ ᠵᠢᠯ ᠤᠨ ᠶᠡᠭᠡ ᠬᠤᠷᠠᠯ ᠥᠩᠭᠡᠷᠡᠭᠰᠡᠨ ᠤ ᠬᠢ ᠲᠠᠢ ᠠᠳᠠᠯᠢ ᠦᠭᠡᠢ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠪᠠ᠃ ᠬᠤᠲᠠ ᠶᠢᠨ ᠳᠣᠲᠣᠷᠠᠬᠢ ᠬᠥᠮᠥᠰ ᠭᠤᠣᠯ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠬᠤᠲᠠ ᠶᠢᠨ ᠭᠠᠳᠠᠨᠠᠬᠢ ᠬᠥᠮᠥᠰ ᠰᠦᠯᠵᠢᠶᠡᠨ ᠳᠡᠭᠡᠷ᠎ᠡ | ᠬᠤᠷᠠᠯ ᠳᠤ ᠣᠷᠤᠯᠴᠠᠪᠠ᠃ | ᠶᠡᠭᠡ ᠬᠤᠷᠠᠯ ᠠᠴᠠ ᠰᠢᠨᠬᠤᠸᠠ ᠬᠤᠷᠢᠶᠠᠨ ᠤ ︽ᠲᠦᠷᠭᠡᠨ ᠦᠵᠡᠬᠦ︾ ᠵᠢᠷᠭᠢᠶ᠎ᠡ ᠶᠢᠨ ᠸᠢᠳᠢᠤ᠋ ᠨᠣᠮᠧᠷ᠂ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ︽ᠲᠦᠷᠭᠡᠨ ᠦᠵᠡᠬᠦ ᠶᠢᠨ ᠭᠤᠣᠯ ᠨᠡᠪᠲᠡᠷᠡᠭᠦᠯᠭᠡ︾ | ᠸᠢᠳᠢᠤ᠋ ᠨᠣᠮᠧᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠪᠧᠨᠲ᠋ᠧᠩ ᠬᠠᠮ ᠵᠠᠭᠤᠴᠢᠯᠠᠭᠤᠷ᠂ | ᠤᠯᠠᠭᠠᠨᠬᠠᠳᠠ ᠶᠢᠨ ᠡᠳᠦᠷ ᠤᠨ ᠰᠣᠨᠢᠨ ᠤ ᠸᠢᠳᠢᠤ᠋ ᠨᠣᠮᠧᠷ᠂ ᠠᠤᠬᠠᠨ ᠤ ᠬᠠᠮ ᠵᠠᠭᠤᠴᠢᠯᠠᠭᠤᠷ ᠤᠨ ᠲᠥᠪ ᠤᠨ | ᠠᠤᠬᠠᠨ ᠤ ᠬᠠᠮ ᠵᠠᠭᠤᠴᠢᠯᠠᠭᠤᠷ ᠤᠨ APP ᠵᠡᠷᠭᠡ ᠪᠠᠷ ᠳᠠᠮᠵᠢᠭᠤᠯᠤᠨ ᠪᠦᠬᠦ ᠶᠠᠪᠤᠴᠠ ᠶᠢ ᠰᠢᠭᠤᠳ | ᠨᠡᠪᠲᠡᠷᠡᠭᠦᠯᠪᠡ᠃ | | | | |