ᠬᠥᠭᠵᠢᠭᠦᠯᠦᠯᠲᠡ ᠥᠭᠡᠷᠡᠴᠢᠯᠡᠯᠲᠡ ᠶᠢᠨ  ᠵᠦᠪᠯᠡᠯ ᠪᠥᠬᠦ ᠵᠢᠯ ᠳᠤ ᠳᠡᠭᠡᠳᠦ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ ᠨᠡᠶᠢᠲᠡ 5.49 ᠳ᠋ᠦᠩᠰᠢᠭᠤᠷ ᠲᠥᠭᠦᠷᠢᠭ  ᠴᠢᠷᠮᠠᠶᠢᠨ ᠣᠯᠪᠠ
ᠨᠡᠶᠢᠲᠡᠯᠡᠭᠰᠡᠨ ᠴᠠᠭ᠄
2022/12/28
     ᠪᠥᠬᠦ ᠵᠢᠯ ᠳᠤ ᠳᠡᠭᠡᠳᠦ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ 5.49 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠬᠦᠴᠦᠲᠡᠢ ᠳᠡᠮᠵᠢᠪᠡ᠃ ᠲᠥᠯᠥᠪᠦᠷᠢ ᠦᠭᠡᠢ ᠪᠡᠯᠡ ᠮᠥᠩᠭᠦ ᠳᠤ ᠭᠤᠣᠯᠳᠠᠭᠤ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ᠳᠠᠷᠠᠭᠠᠬᠢ ᠲᠡᠳᠬᠦᠮᠵᠢ ᠶᠢᠨ ᠪᠡᠯᠡ ᠮᠥᠩᠭᠦ 1751 ᠲᠦᠮᠡᠨ ᠲᠥᠭᠦᠷᠢᠭ ᠪᠠᠭᠲᠠᠵᠤ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 2790 ᠲᠦᠮᠡᠨ ᠲᠦᠭᠦᠷᠢᠭ᠂ ᠴᠥᠭᠦᠷᠥᠮ ᠤᠨ ᠣᠷᠣᠨ ᠤ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠳᠡᠮᠵᠢᠬᠦ ᠪᠡᠯᠡ ᠮᠥᠩᠭᠦ 5009 ᠲᠦᠮᠡᠨ ᠲᠥᠭᠦᠷᠢᠭ᠂ ᠰᠢᠨ ᠬᠤᠶ ᠬᠤᠲᠠ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠢ ᠶᠢ ᠥᠭᠡᠷᠡᠴᠢᠯᠡᠨ ᠪᠠᠶᠢᠭᠤᠯᠬᠤ ᠪᠡᠯᠡ ᠮᠥᠩᠭᠦ 3727 ᠲᠦᠮᠡᠨ ᠲᠥᠭᠦᠷᠢᠭ᠂ ᠤᠯᠠᠭᠠᠨᠬᠠᠳᠠ ᠬᠤᠲᠠ ᠶᠢᠨ ᠭᠤᠣᠯᠳᠠᠯᠭ᠎ᠠ ᠲᠠᠢ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠤᠰᠬᠠᠢ ᠪᠡᠯᠡ ᠮᠥᠩᠭᠦ 2093 ᠲᠦᠮᠡᠨ ᠲᠥᠭᠦᠷᠢᠭ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠪᠡᠯᠡ ᠮᠥᠩᠭᠦ 1000 ᠲᠦᠮᠡᠨ ᠲᠥᠭᠦᠷᠢᠭ᠂ ᠲᠠᠸᠠᠷ ᠤᠨ ᠠᠮᠤ ᠪᠤᠳᠠᠭᠠᠨ ᠤ ᠲᠣᠮᠣ ᠮᠤᠵᠢ ᠶᠢ ᠱᠠᠩᠨᠠᠬᠤ ᠪᠡᠯᠡ ᠮᠥᠩᠭᠦ 3000 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠯᠬᠢᠨ ᠠᠬᠢᠭᠤᠯᠬᠤ ᠢᠨᠵᠧᠨᠧᠷᠢᠩ ᠤᠨ ᠪᠡᠯᠡ ᠮᠥᠩᠭᠦ 1460 ᠲᠦᠮᠡᠨ ᠲᠥᠭᠦᠷᠢᠭ᠂ 2018 ᠣᠨ ᠤ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 1250 ᠲᠦᠮᠡᠨ ᠲᠥᠭᠦᠷᠢᠭ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 674 ᠲᠦᠮᠡᠨ ᠲᠥᠭᠦᠷᠢᠭ ᠵᠡᠷᠭᠡ︔ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠬᠤᠯᠪᠤᠭᠠᠯᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 2.3 ᠳ᠋ᠦᠩᠰᠢᠭᠤᠷ ᠲᠥᠭᠦᠷᠢᠭ ᠣᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠦᠯᠲᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠳᠠᠮᠵᠢᠭᠤᠯᠤᠨ 7280 ᠲᠦᠮᠡᠨ ᠲᠥᠭᠦᠷᠢᠭ ᠤᠨ ᠰᠠᠭᠤᠷᠢ ᠮᠥᠩᠭᠦ  ᠶᠢ ᠴᠢᠷᠮᠠᠶᠢᠨ ᠣᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号