ᠬᠤᠪᠢ ᠬᠦᠮᠦᠨ ᠤ ᠬᠡᠷᠡᠭ ᠡᠷᠬᠢᠯᠡᠬᠦ᠄ ᠢᠷᠭᠡᠨ ᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠬᠡᠷᠡᠭ ᠤᠨ ᠬᠢᠨᠠᠨ ᠵᠥᠪᠰᠢᠶᠡᠷᠡᠯ
ᠨᠡᠶᠢᠲᠡᠯᠡᠭᠰᠡᠨ ᠴᠠᠭ᠄
2022/12/30
  ᠦᠨᠳᠦᠰᠦᠨ ᠮᠡᠳᠡᠭᠡ ᠵᠠᠩᠭᠢ
 
ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄              ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠬᠥᠮᠦᠰ᠃   ᠲᠣᠭᠳᠠᠭᠠᠭᠰᠠᠨ ᠦᠨᠳᠦᠰᠦᠯᠡᠯ᠄            ︽ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 385 ᠳ᠋ᠤᠭᠠᠷ ᠲᠣᠭᠠᠲᠤ︶            ᠠᠷᠪᠠᠨ ᠨᠠᠢᠮᠠᠳᠤᠭᠠᠷ ᠵᠣᠷᠪᠤᠰ  ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠣᠯᠤᠭᠰᠠᠨ ᠤ  ᠲᠠᠷᠠᠭ᠎ᠠ ᠬᠢᠨᠠᠨ ᠪᠠᠶᠢᠴᠠᠭᠠᠬᠤ ᠬᠡᠷᠡᠭᠲᠡᠶ︔ ᠭᠤᠶᠤᠴᠢᠯᠠᠭᠴᠢ ᠶᠢᠨ ᠳᠡᠪᠰᠢᠭᠦᠯᠦᠭᠰᠡᠨ ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠨᠢ ᠪᠦᠷᠢᠨ ᠭᠦᠢᠴᠡᠳ ᠪᠢᠰᠢ ᠪᠣᠯ  ᠴᠢᠬᠤᠯᠠ ᠪᠦᠬᠦᠢ ᠨᠥᠬᠦᠪᠥᠷᠢ ᠪᠤᠶᠤ ᠲᠣᠳᠣᠷᠬᠠᠶᠢᠯᠠᠯᠲᠠ ᠬᠢᠯᠭᠡᠬᠦ ᠶᠢ ᠭᠤᠶᠤᠴᠢᠯᠠᠭᠴᠢ ᠳᠤ ᠱᠠᠭᠠᠷᠳᠠᠵᠤ ᠪᠣᠯᠤᠨ᠎ᠠ᠂ ᠭᠤᠶᠤᠴᠢᠯᠠᠭᠴᠢ ᠱᠠᠭᠠᠷᠳᠠᠯᠭ᠎ᠠ ᠶᠣᠰᠣᠭᠠᠷ  ᠨᠥᠬᠦᠪᠥᠷᠢ ᠪᠤᠶᠤ ᠲᠣᠳᠣᠷᠬᠠᠶᠢᠯᠠᠯᠲᠠ ᠬᠢᠭᠰᠡᠨ ᠦᠭᠡᠢ ᠪᠠᠶᠢᠪᠠᠯ᠂ ᠭᠤᠶᠤᠴᠢᠯᠠᠯ   ᠨᠢ ᠬᠦᠴᠦᠨ ᠦᠭᠡᠢ ᠪᠠᠷ ᠪᠤᠳᠤᠨ᠎ᠠ︔ ᠭᠤᠶᠤᠴᠢᠯᠠᠭᠴᠢ ᠶᠢᠨ ᠲᠤᠰᠢᠶᠠᠭᠰᠠᠨ  ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠲᠤᠳᠦᠯᠡᠬᠤ ᠴᠢᠬᠤᠯᠠᠲᠠᠶ ᠪᠣᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠤᠯᠪᠣᠭᠳᠠᠯ  ᠪᠦᠬᠦᠢ ᠪᠠᠶᠢᠭᠤᠯᠭ᠎ᠠ᠂ ᠨᠢᠭᠡᠴᠡ ᠳᠤ ᠪᠠᠶᠢᠴᠠᠭᠠᠨ ᠲᠤᠳᠦᠯᠡᠨ᠎ᠡ᠃              ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ  ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠶᠢ ᠴᠠᠭ ᠲᠤᠬᠠᠶ ᠳᠤᠨᠢ ᠲᠣᠭᠲᠠᠭᠠᠬᠤ ᠬᠡᠷᠡᠭᠲᠡᠶ︔ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ  ᠦᠭᠡᠢ ᠪᠠᠶᠢᠪᠠᠯ᠂ ᠭᠤᠶᠤᠴᠢᠯᠠᠭᠴᠢ ᠳᠤ ᠤᠴᠢᠷ ᠰᠢᠯᠲᠠᠭᠠᠨ ᠢᠶᠠᠨ ᠪᠢᠴᠢᠭ ᠢᠶᠠᠷ ᠮᠡᠳᠡᠭᠳᠡᠬᠦ ᠬᠡᠷᠡᠭᠲᠡᠶ᠃   ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄            ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃   ᠭᠦᠢᠴᠡᠳᠭᠡᠬᠦ ᠭᠠᠵᠠᠷ᠄              ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ  ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠮᠥᠩᠬᠡ ᠰᠤᠪᠠᠭ ᠶᠡᠷᠥᠩᠬᠡᠢ  ᠬᠦᠯᠢᠶᠡᠨ ᠠᠪᠬᠤ ᠴᠣᠩᠬᠤᠷᠤᠭ ᠤᠨ 1204᠂1206᠂1208᠂1210᠂1212᠂1213 ᠳ᠋ᠤᠭᠠᠷ ᠴᠣᠩᠬᠤᠷᠤᠭ   ᠭᠦᠢᠴᠡᠳᠭᠡᠬᠦ ᠴᠠᠭ᠄              ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄  30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶   ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄              37 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠢ ᠳᠤ ᠪᠠᠭᠤᠭᠠᠳ 621 ᠮᠧᠲᠷ ᠠᠯᠬᠤᠨ᠎ᠠ᠃ 66 ᠳ᠋ᠤᠭᠠᠷ ᠵᠠᠮ ᠤᠨ ᠲᠡᠷᠭᠡᠨ ᠳᠤ ᠰᠠᠭᠤᠵᠤ  ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠳ᠋ᠦ᠋ᠭᠡᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35  ᠳ᠋ᠤᠭᠠᠷ ᠵᠠᠮ ᠤᠨ ᠲᠡᠷᠭᠡᠨ ᠳᠤ ᠰᠠᠭᠤᠵᠤ ᠹᠦ᠋ ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃          
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号