ᠠᠤᠬᠠᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠰᠠᠭᠤᠷᠢ ᠮᠥᠩᠭᠦᠨ ᠤ ᠲᠤᠰᠬᠠᠶ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠭᠤ ᠲᠤᠰᠬᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2022/12/6
     ᠣᠶᠢᠷ᠎ᠠ ᠳᠤ᠂ ᠠᠤᠬᠠᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠲᠤᠰᠬᠠᠶ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠭᠤ ᠲᠤᠰᠬᠠᠬᠤ ᠬᠤᠷᠠᠯ ᠬᠢᠵᠦ᠂ ᠬᠤᠰᠢᠭᠤᠨ ᠳᠣᠲᠣᠷᠠᠬᠢ ᠬᠡᠰᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ 2022 ᠣᠨ ᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠭᠤ ᠲᠤᠰᠬᠠᠪᠠ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯᠲᠠᠨ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠭᠤᠷᠪᠠᠨ ᠲᠠᠯ᠎ᠠ ᠶᠢᠨ ᠪᠠᠶᠢᠭᠤᠯᠤᠮᠵᠢ ᠶᠢᠨ ᠲᠤᠰᠬᠠᠶ ᠮᠡᠷᠭᠡᠵᠢᠯᠲᠡᠨ ᠬᠤᠷᠠᠯ ᠳᠤ ᠣᠷᠣᠯᠴᠠᠵᠠᠶ᠃    ᠬᠤᠷᠠᠯ ᠠᠴᠠ ᠲᠤᠰᠬᠠᠶ ᠪᠠᠶᠢᠴᠠᠭᠠᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠪᠠᠶᠢᠴᠠᠭᠠᠯᠲᠠ ᠳᠤ ᠢᠯᠡᠷᠡᠭᠦᠯᠦᠭᠰᠡᠨ ᠬᠡᠲᠦᠷᠡᠲᠡᠯ᠎ᠡ ᠣᠨᠣᠰᠢᠯᠠᠨ ᠡᠮᠨᠡᠬᠦ᠂ ᠣᠷᠣᠭᠤᠯᠵᠤ ᠪᠣᠷᠣᠯᠠᠭᠤᠯᠬᠤ ᠬᠠᠳᠠᠭᠠᠯᠠᠬᠤ ᠶᠢᠨ ᠬᠠᠮᠢᠶᠠᠷᠤᠯᠲᠠ ᠵᠡᠷᠭᠡ ᠠᠰᠠᠭᠤᠳᠠᠯ ᠢ ᠲᠥᠷᠥᠯ ᠬᠤᠪᠢᠶᠠᠨ ᠬᠠᠷᠢᠭᠤ ᠲᠤᠰᠬᠠᠵᠤ᠂ ᠪᠠᠶᠢᠴᠠᠭᠠᠯᠲᠠ ᠶᠢᠨ ᠳᠤᠮᠳᠠ ᠠᠰᠠᠭᠤᠳᠠᠯ ᠣᠷᠣᠰᠢᠵᠤ ᠪᠠᠶᠢᠭ᠎ᠠ 5 ᠲᠣᠭᠲᠠᠮᠠᠯ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠵᠢᠴᠢ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ᠲᠣᠰ ᠲᠣᠰ ᠠᠵᠢᠯ ᠢ ᠲᠥᠪᠯᠡᠷᠡᠭᠦᠯᠦᠨ ᠪᠣᠯᠵᠣᠨ ᠶᠠᠷᠢᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃    ᠬᠤᠷᠠᠯ ᠠᠴᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ ᠪᠣᠯ ᠨᠠᠮ ᠪᠣᠯᠤᠨ ᠵᠠᠰᠠᠭ ᠤᠨ ᠣᠷᠳᠣᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠮᠥᠨᠴᠦ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠠᠵᠢᠯ ᠪᠣᠯᠤᠨ᠎ᠠ᠃ ᠬᠤᠲᠠ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠠᠮᠲᠤᠷᠠᠨ ᠥᠷᠨᠢᠭᠦᠯᠦᠭᠰᠡᠨ ᠲᠤᠰᠬᠠᠶ ᠪᠠᠶᠢᠴᠠᠭᠠᠯᠲᠠ ᠪᠣᠯ ᠰᠠᠭᠤᠷᠢ ᠮᠥᠩᠭᠦ ᠶᠢ ᠬᠢᠨᠠᠨ ᠬᠠᠮᠢᠶᠠᠷᠬᠤ ᠨᠢᠭᠡ  ᠵᠦᠢᠯ ᠤᠨ ᠠᠷᠭ᠎ᠠ ᠬᠡᠯᠪᠡᠷᠢ ᠪᠠ ᠠᠷᠭ᠎ᠠ ᠪᠠᠷᠢᠯ ᠪᠣᠯᠤᠨ᠎ᠠ᠂ ᠬᠠᠷᠠᠯᠲᠠ ᠨᠢ ᠡᠮᠴᠢᠯᠡᠭᠡᠨ ᠤ ᠪᠠᠶᠢᠭᠤᠯᠤᠮᠵᠢ ᠲᠠᠢ ᠬᠠᠮᠲᠤ ᠪᠠᠷ ᠠᠷᠠᠳ ᠢᠷᠭᠡᠳ ᠤᠨ ︽ᠠᠮᠢ ᠠᠪᠤᠷᠬᠠᠤ ᠵᠣᠭᠤᠰ︾ ᠢ ᠰᠠᠶᠢᠲᠤᠷ ᠬᠠᠮᠢᠶᠠᠷᠤᠨ ᠬᠡᠷᠡᠭᠯᠡᠵᠦ᠂ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠬᠡᠷᠡᠭᠴᠡᠭᠡ ᠶᠢ  ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ  ᠂ ᠡᠯ᠎ᠡ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠲᠤᠰᠬᠠᠶ  ᠵᠦᠢᠯ ᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠳᠤ ᠵᠥᠪ ᠢᠶᠠᠷ ᠬᠠᠨᠳᠤᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠᠷ ᠵᠢᠯᠣᠭᠤᠳᠣᠯᠭ᠎ᠠ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠵᠥᠪᠲᠦᠭᠡᠨ ᠲᠣᠳᠣᠷᠬᠠᠶᠢᠯᠠᠬᠤ ᠮᠠᠲ᠋ᠧᠷᠢᠶᠠᠯ ᠢᠶᠠᠨ ᠴᠠᠭ ᠲᠤᠬᠠᠶ ᠳᠤᠨᠢ ᠲᠤᠰᠢᠶᠠᠬᠤ ᠬᠡᠷᠡᠭᠲᠡᠶ᠃ ᠡᠮᠴᠢᠯᠡᠭᠡᠨ ᠤ  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠣᠯᠠᠨ ᠳᠤ ᠴᠢᠨᠠᠷ ᠰᠠᠶᠢᠲᠠᠶ ᠡᠮᠴᠢᠯᠡᠭᠡᠨ ᠤ  ᠦᠢᠯᠡᠴᠢᠯᠡᠭᠡ ᠬᠠᠩᠭᠠᠬᠤ ᠪᠠᠷ ᠦᠨᠳᠦᠰᠦ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠦᠷᠭᠡᠬᠡᠨ ᠲᠣᠭᠲᠠᠭᠠᠵᠤ᠂ ᠪᠠᠷᠢᠮᠵᠢᠶ᠎ᠠ ᠲᠠᠢ ᠬᠠᠷᠢᠴᠠᠭᠤᠯᠵᠤ ᠴᠠᠭ ᠢ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠬᠦᠴᠦᠲᠡᠶ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ  ᠠᠬᠢᠭᠤᠯᠬᠤ ᠬᠡᠷᠡᠭᠲᠡᠢ᠃ ᠲᠠᠨᠢᠯᠲᠠ ᠪᠠᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠴᠢᠩᠭᠠᠳᠬᠠᠨ᠂  ︽ᠡᠮᠨᠡᠬᠦ᠂ ᠳᠠᠭᠠᠳᠬᠠᠯ᠂ ᠡᠪᠡᠳᠴᠢᠨ︾ ᠭᠤᠷᠪᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠷᠠᠳ ᠢᠷᠭᠡᠳ ᠤᠨ ︽ᠠᠮᠢ ᠠᠪᠤᠷᠬᠠᠤ ᠵᠣᠭᠤᠰ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号