ᠪᠠᠶᠢᠰᠡ ᠶᠢᠨ ᠬᠤᠷᠢᠶ᠎ᠠ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠰᠡᠭᠦᠯᠴᠢ ᠶᠢᠨ ᠦᠨᠡᠯᠡᠯᠲᠡ︾ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ  ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/12/7
ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠲᠦᠷᠢᠮ ᠢ ᠪᠣᠳᠠᠲᠠᠶᠢᠵᠢᠭᠤᠯᠤᠨ᠎ᠠ᠃ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠬᠦᠴᠦᠯᠡᠨ ᠰᠠᠶᠢᠲᠤᠷ ᠡᠵᠡᠮᠳᠡᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠲᠣᠭᠲᠠᠴᠠ ᠶᠢ ᠨᠠᠷᠢᠨ ᠬᠢᠨᠠᠮᠠᠭᠠᠶ ᠬᠠᠷᠢᠴᠠᠭᠤᠯᠤᠨ᠂ ᠠᠵᠢᠯ ᠤᠨ ᠡᠭᠦᠷᠭᠡ ᠶᠢᠨ ᠲᠠᠩᠰᠠ ᠶᠢ ᠨᠠᠷᠢᠯᠢᠬᠵᠢᠭᠤᠯᠵᠤ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠪᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷ ᠢ ᠵᠣᠬᠢᠶᠠᠨ ᠪᠠᠶᠢᠭᠤᠯᠵᠤ᠂ ᠦᠨᠡᠯᠡᠨ ᠵᠢᠱᠢᠬᠦ ᠪᠠᠷᠢᠮᠵᠢᠶ᠎ᠠ ᠪᠠ ᠱᠠᠭᠠᠷᠳᠠᠯᠭ᠎ᠠ ᠶᠢ ᠴᠢᠩᠭ᠎ᠠ ᠬᠠᠷᠢᠴᠠᠭᠤᠯᠤᠨ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ᠂ ᠦᠨᠳᠦᠰᠦᠨ ᠵᠦᠢᠯ ᠤᠨ ᠪᠠᠲᠤᠯᠠᠭ᠎ᠠ᠂ ᠠᠵᠤ ᠦᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠲᠣᠰᠬᠤᠨ ᠡᠷᠦᠬᠡ ᠳᠠᠷᠠᠭᠠᠯᠠᠨ ︽ᠪᠦᠬᠦᠨ ᠢ ᠬᠠᠮᠤᠷᠬᠤ᠂ ᠬᠡᠪᠢᠰ ᠮᠠᠶ᠋ᠢᠭ ᠤᠨ᠂ ᠣᠷᠬᠢᠭᠳᠠᠭᠤᠯᠬᠤ ᠥᠬᠡᠶ︾ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠢᠨᠠᠨ ᠰᠢᠯᠭᠠᠬᠤ ᠡᠷᠦᠬᠡ ᠶᠢᠨ ᠡᠬᠡ ᠲᠠᠩᠰᠠ ᠶᠢ ᠪᠠᠶᠢᠭᠤᠯᠤᠨ᠂ ᠴᠠᠭ ᠲᠤᠬᠠᠶ ᠳᠤᠨᠢ ᠰᠢᠨᠡᠳᠬᠡᠵᠦ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠦᠨᠡᠨᠬᠦ  ᠪᠠᠲᠤᠯᠠᠨ᠎ᠠ᠃ ᠡᠭᠦᠨ ᠤ ᠵᠡᠷᠭᠡ ᠳᠤ ᠨᠢᠭᠡᠳᠦᠭᠡᠷ ᠱᠦᠵᠢ᠂ ᠲᠣᠰᠬᠤᠨ ᠳᠤ ᠰᠠᠭᠤᠵᠤ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠰ ᠳᠠᠪᠬᠤᠷᠭ᠎ᠠ ᠪᠠᠷ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠣᠶ ᠪᠣᠯᠭᠠᠵᠤ᠂ ᠡᠯ᠎ᠡ  ᠵᠦᠢᠯ ᠤᠨ ᠠᠵᠢᠯ ᠢ ᠭᠦᠨᠵᠡᠭᠡᠶ ᠪᠥᠭᠡᠳ ᠨᠠᠷᠢᠯᠢᠭ ᠬᠢᠨ᠎ᠠ᠃    ᠲᠤᠭ᠎ᠠ ᠪᠠᠷᠢᠮᠲᠠ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠲᠠᠩᠰᠠ ᠪᠠ ᠪᠣᠳᠠᠲᠠᠶ ᠶᠢ ᠬᠠᠷᠢᠯᠴᠠᠨ ᠨᠡᠶᠢᠴᠡᠭᠦᠯᠬᠦ ᠶᠢ ᠪᠡᠶᠡᠯᠡᠭᠦᠯᠦᠨ᠎ᠡ᠃ ᠪᠠᠯᠭᠠᠰᠤ ᠲᠣᠰᠬᠤᠨ ᠤ ᠺᠠᠳ᠋ᠷ ᠡᠷᠦᠬᠡ ᠳᠤ ᠣᠷᠣᠬᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠩᠭᠤᠵᠢᠭᠤᠯᠤᠨ ᠬᠠᠮᠠᠭᠠᠯᠠᠨ᠎ᠠ︔ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠠᠵᠢᠯᠲᠠᠳ ᠲᠣᠰᠬᠤᠨ ᠳᠠᠷᠠᠭᠠᠯᠠᠨ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ᠂ ᠨᠠᠷᠢᠨ ᠲᠠᠩᠰᠠ ᠵᠢᠭᠰᠠᠭᠠᠨ᠂  ᠵᠦᠢᠯ ᠵᠤᠷᠪᠤᠰ ᠳᠠᠷᠠᠭᠠᠯᠠᠨ ᠨᠠᠷᠢᠯᠢᠬᠵᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠠᠷᠠᠳ ᠤᠨ ᠶᠠᠪᠤᠳᠠᠯ ᠂ ᠡᠮ ᠡᠮᠨᠡᠯᠭᠡ ᠶᠢᠨ ᠳᠠᠭᠠᠳᠬᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠩᠭᠠᠭᠰᠠᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠡᠷ ᠪᠦᠯᠢ ᠶᠢᠨ ᠪᠠᠶᠢᠳᠠᠯ ᠤᠨ ᠬᠤᠪᠢᠷᠠᠯᠲᠠ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ᠂ ᠠᠵᠢᠯ ᠣᠯᠭᠤᠯᠲᠠ ᠶᠢᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ᠂ ᠦᠷ᠎ᠡ ᠬᠡᠤᠬᠡᠳ ᠤᠨ ᠰᠤᠷᠭᠠᠭᠤᠯᠢ ᠳᠤ ᠪᠠᠶᠢᠬᠤ ᠪᠠᠶᠢᠳᠠᠯ ᠵᠡᠷᠭᠡ ᠴᠢᠬᠤᠯᠠ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠨ᠎ᠡ︔ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠬᠡᠷᠡᠭᠯᠡᠬᠦ ᠶᠢ ᠰᠠᠶᠢᠲᠤᠷ ᠠᠳᠬᠤᠵᠤ᠂ ᠳᠠᠬᠢᠨ ᠶᠠᠳᠠᠭᠤᠷᠠᠬᠤ ᠲᠦᠭᠰᠢᠭᠦᠷᠢ ᠪᠠᠷ ᠨᠡᠯᠢᠶᠡᠳ ᠥᠨᠳᠥᠷ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠪᠠ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠳᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠬᠥᠳᠡᠯᠦᠩᠭᠦᠶ ᠪᠠᠷ ᠬᠢᠨᠠᠨ ᠬᠡᠮᠵᠢᠬᠦ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠪᠢᠲᠡᠭᠦᠤ ᠴᠠᠭᠠᠷᠢᠭᠲᠤ ᠬᠠᠮᠢᠶᠠᠷᠤᠯᠲᠠ ᠶᠢᠨ ᠵᠠᠭᠪᠤᠷ ᠢ ᠪᠣᠶ ᠪᠣᠯᠭᠠᠨ᠎ᠠ᠃    ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠪᠰᠤᠷᠤᠨ ᠲᠡᠳᠬᠦᠬᠦ ᠶᠢ ᠡᠷᠦᠬᠡ ᠬᠥᠮᠦᠨ ᠪᠦᠬᠦᠨ ᠳᠤ ᠨᠠᠶᠢᠳᠠᠪᠤᠷᠢᠵᠢᠭᠤᠯᠤᠨ᠎ᠠ᠃ ᠬᠥᠳᠡᠯᠦᠩᠭᠦᠶ ᠪᠠᠷ ᠬᠢᠨᠠᠨ ᠬᠡᠮᠵᠢᠬᠦ ᠪᠠᠷ ᠳᠠᠮᠵᠢᠭᠤᠯᠤᠨ᠂ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠵᠦ᠂ ᠣᠷᠣᠯᠭ᠎ᠠ ᠪᠠᠨ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠬᠡᠷᠡᠭᠴᠡᠭᠡ ᠲᠠᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠠᠵᠢᠯ ᠣᠯᠭᠤᠯᠲᠠ ᠶᠢᠨ ᠵᠢᠯᠤᠭᠤᠳᠤᠯᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠦᠢᠯᠡᠴᠢᠯᠡᠭᠡ ᠬᠠᠩᠭᠠᠨ᠎ᠠ︔ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠰᠢᠭᠤᠳ ᠵᠣᠷᠢᠯᠭ᠎ᠠ ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠮᠡᠨ  ᠪᠠᠶᠢᠭᠤᠯᠤᠨ᠎ᠠ︔ ᠠᠵᠤ ᠦᠢᠯᠡᠰ ᠬᠢᠭᠡᠳ ᠠᠵᠢᠯ ᠣᠯᠭᠤᠯᠲᠠ ᠶᠢᠨ ︽ᠬᠤᠶᠠᠷ ᠦᠢᠯᠡᠰ ᠢ ᠵᠡᠷᠭᠡᠪᠡᠷ ᠬᠥᠭᠵᠢᠭᠦᠯᠬᠦ︾ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠨ ᠪᠠᠶᠠᠵᠢᠬᠤ ᠲᠠᠭᠠᠭᠤᠯᠤᠬᠴᠢ ᠵᠢᠴᠢ ᠲᠠᠷᠢᠵᠦ ᠲᠡᠵᠢᠭᠡᠬᠦ ᠡᠷᠦᠭᠡ ᠶᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠠᠷᠢᠶᠠᠯᠠᠩ ᠤᠨ ᠤᠨᠴᠠᠯᠢᠭᠳᠤ ᠠᠵᠤ ᠦᠢᠯᠡᠰ ᠢ ᠪᠤᠶᠢᠵᠢᠭᠤᠯᠤᠨ ᠲᠡᠳᠬᠦᠵᠦ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠪᠠᠷ ᠳᠠᠮᠵᠢᠭᠤᠯᠤᠨ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号