| ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢᠨ | ᠲᠥᠯᠥᠭᠡ᠂ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠤᠷ᠎ᠠ | ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ | ᠣᠶᠢᠷ᠎ᠠ ᠳᠤ᠂ ᠰᠢᠨ ᠬᠤᠶ ᠪᠠᠯᠭᠠᠰᠤᠨ ᠤ ᠬᠤᠩ ᠨᠢᠶᠠᠩ ᠭᠸᠦ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠥᠩ | ᠯᠢ ᠸᠧᠶ ᠠᠤᠬᠠᠨ ᠬᠤᠰᠢᠭᠤᠨ ᠤ ᠱᠤ᠋ ᠭᠤᠸᠠᠩ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠵᠠᠭᠠᠷᠲᠤ | ᠺᠣᠮᠫᠠᠨᠢ ᠶᠢ ᠤᠷᠢᠵᠤ ᠬᠤᠩ ᠨᠢᠶᠠᠩ ᠭᠸᠦ ᠲᠣᠰᠬᠤᠨ ᠳᠤ 5 ᠡᠳᠦᠷ ᠤᠨ ᠬᠤᠭᠤᠴᠠᠭ᠎ᠠ ᠲᠠᠢ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠰᠠᠨ ᠮᠠᠯᠴᠢᠨ ᠲᠠᠷᠢᠶᠠᠴᠢᠨ ᠪᠠ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ | ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠪᠡ᠃ | ᠬᠢᠴᠢᠶᠡᠯ ᠤᠨ ᠲᠠᠩᠬᠢᠮ ᠢᠶᠠᠷ ᠳᠡᠮᠵᠢᠨ ᠬᠢᠴᠢᠶᠡᠯᠯᠡᠵᠦ᠂ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠵᠡᠷᠭᠡ | ᠬᠡᠯᠪᠡᠷᠢ ᠪᠠᠷ ᠬᠠᠷᠢᠯᠴᠠᠨ ᠦᠢᠯᠡᠳᠦᠯᠴᠡᠨ ᠬᠠᠷᠢᠭᠤᠯᠲᠠ ᠥᠭᠴᠦ᠂ ᠰᠤᠷᠤᠯᠴᠠᠭᠰᠠᠳ ᠲᠤ ᠢᠳᠡᠭᠡᠨ ᠤ ᠮᠥᠭᠦ ᠶᠢ | ᠳᠠᠷᠢᠵᠤ ᠪᠤᠶᠢᠵᠢᠭᠤᠯᠬᠤ᠂ ᠲᠠᠷᠢᠮᠠᠯ ᠳᠤ ᠨᠠᠷᠢᠯᠢᠭ ᠣᠨᠣᠴᠠᠲᠠᠶ ᠪᠠᠷ ᠪᠣᠷᠲᠣᠭᠤᠷ ᠣᠷᠣᠭᠤᠯᠬᠤ᠂ ᠰᠢᠨᠵᠢᠯᠡᠬᠦ | ᠤᠬᠠᠭᠠᠨᠴᠢ ᠪᠠᠷ ᠦᠬᠡᠷ ᠲᠡᠵᠢᠭᠡᠬᠦ᠂ ᠬᠤᠨᠢ ᠢᠮᠠᠭ᠎ᠠ ᠲᠡᠵᠢᠭᠡᠬᠦ᠂ ᠭᠠᠭ᠋ᠠᠶ ᠲᠡᠵᠢᠭᠡᠬᠦ᠂ ᠨᠤᠭᠤᠰᠤ ᠲᠡᠵᠢᠭᠡᠬᠦ᠂ ᠡᠯᠵᠢᠭᠡ | ᠲᠡᠵᠢᠭᠡᠬᠦ ᠵᠡᠷᠭᠡ ᠲᠡᠵᠢᠭᠡᠨ ᠦᠷᠡᠵᠢᠭᠦᠯᠬᠦ ᠮᠡᠷᠭᠡᠵᠢᠯ ᠤᠨ ᠭᠤᠤᠯᠳᠠᠯᠭ᠎ᠠ ᠶᠢᠨ ᠲᠤᠬᠠᠶ ᠨᠠᠷᠢᠨ ᠲᠠᠶᠢᠯᠪᠤᠷᠢᠯᠠᠨ ᠥᠭᠴᠦ᠂ | ᠬᠢᠯᠪᠠᠷ ᠣᠶᠢᠯᠠᠭᠠᠮᠵᠢᠲᠠᠶ ᠦᠭᠡ ᠬᠡᠯᠡ᠂ ᠵᠢᠷᠤᠭ ᠪᠢᠴᠢᠭ ᠢ ᠬᠤᠣᠰᠯᠠᠭᠤᠯᠬᠤ ᠬᠡᠯᠪᠡᠷᠢ ᠪᠠᠷ ᠳᠠᠷᠢᠵᠤ ᠲᠡᠵᠢᠭᠡᠨ | ᠦᠷᠡᠵᠢᠭᠦᠯᠬᠦ ᠮᠡᠷᠭᠡᠵᠢᠯ ᠵᠢᠴᠢ ᠠᠩᠬᠠᠷᠬᠤ ᠵᠦᠢᠯᠡᠰ ᠢ ᠶᠠᠷᠢᠭᠰᠠᠨ ᠤ ᠬᠠᠮᠲᠤ ᠲᠣᠰ ᠤᠳᠠᠭᠠᠨ ᠤ | ᠪᠣᠯᠪᠠᠰᠤᠷᠠᠭᠤᠯᠤᠯ ᠤᠨ ᠠᠭᠤᠯᠭ᠎ᠠ ᠶᠢᠨ ᠲᠠᠯ᠎ᠠ ᠪᠠᠷ ᠲᠤᠷᠰᠢᠯᠭ᠎ᠠ ᠪᠠᠨ ᠬᠠᠷᠢᠯᠴᠠᠨ ᠰᠣᠯᠢᠯᠴᠠᠵᠤ᠂ ᠬᠠᠷᠢᠯᠴᠠᠨ | ᠠᠬᠢᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠰᠤᠷᠤᠯᠴᠠᠭᠰᠠᠳ ᠤᠨ ᠳᠤᠷᠠᠳᠤᠭᠰᠠᠨ ᠠᠰᠠᠭᠤᠳᠠᠯ ᠪᠠ | ᠬᠦᠴᠢᠷᠳᠡᠯ ᠳᠤ ᠴᠢᠭᠯᠡᠭᠦᠯᠦᠨ᠂ ᠪᠠᠭᠰᠢ ᠨᠠᠷ ᠢ ᠬᠥᠮᠦᠵᠢᠭᠦᠯᠦᠨ ᠪᠣᠯᠪᠠᠰᠤᠷᠠᠭᠤᠯᠬᠤ ᠳᠤ ᠴᠥᠮ ᠬᠦᠯᠢᠴᠡᠩᠭᠦᠶ ᠪᠠᠷ | ᠬᠠᠷᠢᠭᠤᠯᠲᠠ ᠦᠭᠪᠡ᠃ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠡᠩ ᠤᠨ ᠲᠠᠷᠢᠶᠠᠴᠢᠨ ᠡᠷᠦᠬᠡ ᠪᠠ | ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠢ ᠪᠠᠭᠲᠠᠭᠠᠵᠤ᠂ ᠨᠡᠶᠢᠲᠡ 300 ᠭᠠᠷᠤᠶ ᠬᠥᠮᠦᠨ ᠤᠳᠠᠭ᠎ᠠ | ᠪᠣᠶ᠂ ᠲᠤᠬᠠᠶ ᠶᠢᠨ ᠲᠠᠯᠠᠪᠤᠷ ᠲᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠣᠮ ᠪᠢᠴᠢᠭ ᠢ 7 | ᠲᠥᠷᠥᠯ ᠤᠨ 300 ᠭᠠᠷᠤᠶ ᠳᠡᠪᠲᠡᠷ ᠲᠠᠷᠬᠠᠭᠠᠵᠤ᠂ ᠬᠢᠴᠢᠶᠡᠯ ᠳᠠᠭᠤᠰᠤᠭᠰᠠᠨ ᠤ ᠳᠠᠷᠠᠭ᠎ᠠ᠂ ᠱᠤ᠋ ᠭᠤᠸᠠᠩ | ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠵᠠᠭᠠᠷᠲᠤ ᠺᠣᠮᠫᠠᠨᠢ ᠪᠠᠰᠠ ᠶᠠᠳᠠᠭᠤ ᠠᠴᠠ ᠠᠩᠭᠢᠵᠢᠷᠠᠭᠰᠠᠨ | ᠬᠥᠳᠡᠯᠮᠦᠷᠢ ᠬᠦᠴᠦᠨ ᠳᠤ 300 ᠤᠭᠤᠲᠠ ᠭᠤᠯᠢᠷ ᠬᠠᠨᠳᠢᠪᠯᠠᠪᠠ᠃ | ᠬᠤᠩ ᠨᠢᠶᠠᠩ ᠭᠸᠤ ᠲᠣᠰᠬᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ᠤ ᠤᠷ᠎ᠠ | ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠢᠷᠳᠡᠯᠲᠡᠢ ᠤᠯᠠᠨ | ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠷ᠎ᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠬᠤ ᠶᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠪᠦᠲᠦᠮᠵᠢᠲᠡᠢ ᠵᠣᠯᠭᠠᠭᠤᠯᠬᠤ ᠶᠢᠨ | ᠴᠢᠬᠤᠯᠠ ᠭᠠᠷᠳᠠᠴᠠ ᠪᠣᠯᠭᠠᠪᠠ᠃ ︽ᠪᠣᠳᠠᠲᠤ ᠬᠡᠷᠡᠭᠴᠡᠭᠡ᠂ ᠪᠣᠳᠠᠳᠤ ᠪᠠᠶᠢᠳᠠᠯ᠂ ᠪᠣᠳᠠᠲᠤ ᠦᠷ᠎ᠡ ᠪᠦᠲᠦᠮᠵᠢ ᠲᠠᠢ | ᠪᠠᠶᠢᠬᠤ︾ ᠪᠠ ︽ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ᠂ ᠳᠠᠶᠢᠴᠢᠯᠠᠬᠤ ᠴᠢᠨᠠᠷ︾ ᠤᠨ ᠵᠠᠷᠴᠢᠮ ᠢ | ᠪᠠᠷᠢᠮᠲᠠᠯᠠᠨ᠂ ᠶᠠᠳᠠᠭᠤ ᠠᠴᠠ ᠠᠩᠭᠢᠵᠢᠷᠠᠭᠤᠯᠤᠭᠰᠠᠨ ᠬᠥᠳᠡᠯᠮᠦᠷᠢ ᠬᠦᠴᠦᠨ ᠤ ᠶᠡᠷᠦᠩᠬᠡᠶᠢᠯᠡᠭᠰᠡᠨ ᠬᠡᠪ ᠴᠢᠨᠠᠷ ᠢ | ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠪᠣᠳᠠᠲᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠯᠠᠪᠳᠠᠭᠤᠨ | ᠪᠠᠲᠤᠲᠠᠶ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠳᠡᠯᠮᠦᠷᠢ ᠬᠦᠴᠦᠨ ᠳᠤ ᠨᠢᠭᠡ ᠵᠦᠢᠯ ᠤᠨ | ᠮᠡᠷᠭᠡᠵᠢᠯ ᠡᠵᠡᠮᠰᠢᠭᠦᠯᠪᠡ᠃ |