ᠶᠢᠨ ᠴᠠᠩ ᠭᠧᠤ ᠯᠢᠶᠠᠩ ᠪᠠᠯᠭᠠᠰᠤ᠄ ︽ᠲᠠᠪᠤ ᠶᠢ ᠠᠳᠬᠤᠬᠤ︾ ᠶᠢ ᠬᠤᠯᠪᠣᠯᠳᠤᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠡᠭᠦᠯᠴᠢ ᠶᠢᠨ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ
ᠨᠡᠶᠢᠲᠡᠯᠡᠭᠰᠡᠨ ᠴᠠᠭ᠄
2022/12/7
     ᠨᠠᠮ ᠵᠠᠰᠠᠭ ᠤᠨ ᠭᠤᠣᠯ ᠤᠳᠤᠷᠢᠳᠤᠯᠭ᠎ᠠ ᠬᠡᠰᠡᠭ ᠬᠤᠪᠢᠶᠠᠨ  ᠠᠳᠬᠤᠨ᠎ᠠ᠃ ᠨᠠᠮ ᠵᠠᠰᠠᠭ ᠤᠨ ᠭᠤᠣᠯ ᠤᠳᠤᠷᠢᠳᠤᠯᠭ᠎ᠠ ᠬᠡᠰᠡᠭ ᠬᠤᠪᠢᠶᠠᠬᠤ ᠠᠷᠭ᠎ᠠ ᠬᠡᠯᠪᠡᠷᠢ ᠪᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠤ ᠳᠠᠷᠠᠭᠠᠬᠢ ᠦᠨᠡᠯᠡᠯᠲᠡ ᠵᠢᠴᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠨᠠᠷᠢᠯᠢᠬᠵᠢᠭᠤᠯᠵᠤ᠂ ᠲᠠᠬᠢᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ‌‍ᠬᠡᠮᠵᠢᠶ᠎ᠡ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ  ᠠᠳᠬᠤᠨ᠎ᠠ᠃    ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢ   ᠲᠠᠭᠠᠨ  ᠠᠳᠬᠤᠨ᠎ᠠ᠃ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠯᠭᠠᠰᠤᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠤᠬᠠᠶᠢᠯᠠᠭᠰᠠᠨ ᠠᠵᠢᠯ ᠤᠨ ᠠᠵᠢᠯ ᠤᠨ ᠬᠤᠪᠢᠶᠠᠷᠢᠯᠠᠯ ᠲᠠᠢ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠭᠤᠷᠠᠢ ᠭᠤᠭᠴᠤᠭ᠎ᠠ ᠪᠣᠯᠤᠨ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠢ ᠵᠣᠬᠢᠶᠠᠨ ᠪᠠᠶᠢᠭᠤᠯᠵᠤ ᠪᠦᠬᠦ ᠪᠠᠯᠭᠠᠰᠤᠨ ᠤ 14 ᠵᠠᠰᠠᠭ ᠵᠠᠬᠢᠷᠭᠠᠨ ᠤ ᠲᠣᠰᠬᠤᠨ ᠳᠤ ᠲᠤᠬᠠᠶᠢᠯᠠᠭᠰᠠᠨ ᠠᠵᠢᠯ ᠤᠨ ᠪᠠᠶᠢᠴᠠᠭᠠᠯᠲᠠ ᠵᠢᠯᠤᠭᠤᠳᠤᠯᠭ᠎ᠠ ᠬᠢᠵᠦ᠂ ᠡᠯ᠎ᠡ ᠠᠵᠢᠯ ᠤᠨ ᠭᠤᠭᠴᠤᠭ᠎ᠠ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠵᠠᠢ᠃ ᠪᠠᠯᠭᠠᠰᠤ ᠲᠣᠰᠬᠤᠨ ᠤ ᠺᠠᠳ᠋ᠷᠴᠤᠳ ᠢ ᠵᠣᠬᠢᠶᠠᠨ ᠪᠠᠶᠢᠭᠤᠯᠵᠤ ᠨᠢᠭᠡᠳᠦᠭᠡᠷ ᠹᠷᠣᠨᠲ ᠲᠤ ᠣᠴᠢᠭᠤᠯᠤᠨ ᠪᠥᠭᠡᠮ ᠬᠦᠴᠢᠯ  ᠤᠨ ᠪᠠᠶᠢᠴᠠᠭᠠᠯᠲᠠ᠂ ᠡᠷᠦᠬᠡ ᠳᠤ ᠣᠷᠣᠵᠤ  ᠪᠠᠶᠢᠴᠠᠭᠠᠬᠤ᠂ ᠪᠣᠭᠤᠮᠲᠠ ᠶᠢ ᠰᠠᠬᠢᠵᠤ ᠵᠢᠵᠢᠭᠦᠷᠯᠡᠬᠦ ᠵᠡᠷᠭᠡ ᠡᠯ᠎ᠡ ᠵᠦᠢᠯ ᠤᠨ ᠠᠵᠢᠯ ᠢ ᠦᠳᠲᠡᠷ ᠲᠦᠷᠭᠡᠨ ᠡᠮᠬᠢ ᠵᠢᠷᠤᠮ ᠲᠠᠢ ᠪᠠᠷ ᠥᠷᠨᠢᠭᠦᠯᠦᠨ᠎ᠡ᠃    ᠭᠠᠴᠠᠭ᠎ᠠ ᠶᠢ ᠳᠠᠭᠠᠭᠠᠴᠢᠯᠠᠭᠰᠠᠨ ᠤᠳᠤᠷᠢᠳᠤᠯᠭ᠎ᠠ ᠨᠢ ᠭᠠᠴᠠᠭ᠎ᠠ ᠶᠢ ᠳᠠᠭᠠᠭᠠᠴᠢᠯᠠᠭᠤᠯᠤᠨ ᠠᠳᠬᠤᠨ᠎ᠠ᠃ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠶᠠᠷ ᠵᠦᠢᠯ ᠤᠨ ᠠᠵᠢᠯ ᠳᠤ ᠪᠣᠳᠠᠲᠠᠢ ᠲᠤᠬᠢᠷᠠᠭᠤᠯᠤᠯᠲᠠ ᠬᠢᠵᠦ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠦᠳᠲᠡᠷ ᠲᠦᠷᠭᠡᠨ ᠬᠥᠳᠡᠯᠦᠯᠴᠡᠵᠦ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠯᠬᠤᠮ ᠢᠶᠠᠨ ᠨᠢᠭᠡᠳᠬᠡᠨ᠂ ᠵᠣᠬᠢᠴᠠᠭᠤᠯᠤᠨ ᠬᠠᠮᠵᠢᠯᠴᠠᠭᠰᠠᠨ ᠰᠠᠶᠢᠨ ᠰᠠᠶᠢᠬᠠᠨ ᠠᠵᠢᠯ ᠤᠨ ᠪᠠᠶᠢᠳᠠᠯ ᠢ ᠪᠤᠢ ᠪᠣᠯᠭᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ  ᠠᠳᠬᠤᠨ᠎ᠠ᠃    ᠪᠠᠯᠭᠠᠰᠤ ᠭᠠᠴᠠᠭᠠᠨ ᠤ ᠺᠠᠳ᠋ᠷ ᠡᠷᠦᠬᠡ ᠶᠢ ᠳᠠᠭᠠᠭᠠᠴᠢᠯᠠᠨ ᠠᠳᠬᠤᠨ᠎ᠠ᠃ ᠲᠣᠰᠬᠤᠨ ᠡᠷᠦᠬᠡ ᠳᠠᠷᠠᠭᠠᠯᠠᠨ ︽ᠬᠡᠪᠢᠰ ᠤᠨ ᠬᠡᠯᠪᠡᠷᠢ︾ ᠪᠠᠷ ᠵᠢᠭᠰᠠᠭᠠᠨ ᠪᠠᠶᠢᠴᠠᠭᠠᠬᠤ ᠵᠠᠷᠴᠢᠮ ᠶᠣᠰᠣᠭᠠᠷ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ᠂ ᠲᠣᠰᠬᠤᠨ ᠳᠤ ᠰᠠᠭᠤᠵᠤ ᠠᠵᠢᠯᠯᠠᠬᠤ ᠠᠩᠭᠢ᠂ ᠲᠣᠰᠬᠤᠨ ᠢ ᠳᠠᠭᠠᠭᠠᠴᠢᠯᠠᠬᠤ ᠠᠵᠢᠯᠯᠠᠬᠤ ᠠᠩᠭᠢ ᠪᠦᠬᠦ ᠲᠠᠯ᠎ᠠ ᠪᠠᠷ ᠳᠣᠷᠣᠭᠰᠢ ᠪᠠᠭᠤᠵᠤ᠂ ︽ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ︾ ᠵᠡᠷᠭᠡ ᠭᠦᠢᠴᠡᠳᠬᠡᠬᠦ ᠲᠤᠭ᠎ᠠ ᠶᠢᠨ ᠵᠠᠩᠭᠢᠯᠠᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠵᠢᠭᠯᠠᠵᠤ᠂ ᠠᠵᠤ ᠦᠢᠯᠡᠰ ᠤᠨ ᠬᠥᠭᠵᠢᠯᠲᠡ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠨᠢᠮᠪᠠᠶ ᠬᠠᠷᠭᠤᠭᠤᠯᠤᠨ ᠪᠠᠶᠢᠴᠠᠭᠠᠵᠤ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠳᠠᠬᠢᠨ ᠤᠬᠠᠭᠤᠯᠭ᠎ᠠ ᠬᠢᠵᠦ᠂ ᠣᠯᠠᠨ ᠲᠦᠮᠡᠨ ᠤ ᠡᠳ᠋ᠯᠡᠵᠦ ᠪᠥᠬᠦᠶ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠬᠡᠷ ᠪᠦᠯᠢ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠵᠡᠷᠭᠡ ᠳᠤ ︽ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ᠂ ᠬᠡᠯᠡᠵᠦ ᠭᠠᠷᠭᠠᠵᠤ᠂ ᠪᠤᠳᠤᠵᠤ ᠭᠠᠷᠭᠠᠵᠤ ᠳᠡᠶᠢᠯᠬᠦ︾ ᠪᠠᠶᠢᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠢ ᠲᠥᠷᠥ ᠶᠢᠨ ᠪᠣᠳᠣᠯᠭ᠎ᠠ ᠶᠢᠨ ︽ᠮᠡᠷᠭᠡᠨ ᠬᠥᠮᠦᠨ︾ ᠪᠣᠯᠭᠠᠵᠤ᠂ ᠬᠤᠶᠢᠰᠢᠳᠠ ᠶᠢᠨ ᠦᠨᠡᠯᠡᠨ ᠵᠢᠱᠢᠬᠦ ᠠᠵᠢᠯ ᠳᠤ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠢ ᠪᠣᠶ  ᠪᠣᠯᠭᠠᠨ᠎ᠠ ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠲᠥᠷᠥ ᠶᠢᠨ ᠪᠣᠳᠣᠯᠭ᠎ᠠ᠂ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠲᠤᠬᠠᠶ ᠤᠬᠠᠭᠤᠯᠭ᠎ᠠ ᠶᠢ ᠨᠡᠶᠢᠳᠡᠮ ᠬᠡᠷᠡᠭᠵᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃    ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠣᠭᠤᠷᠢᠨ ᠶᠠᠪᠤᠵᠤ  ᠱᠠᠯᠠᠪᠳᠠᠭᠤᠯᠤᠨ ᠪᠠᠶᠢᠴᠠᠭᠠᠵᠤ ᠠᠳᠬᠤᠨ᠎ᠠ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠣᠰᠬᠤᠨ ᠳᠤ ᠰᠠᠭᠤᠬᠤ ᠰᠠᠬᠢᠯᠭ᠎ᠠ ᠪᠠᠲᠤ᠂ ᠲᠤᠭ᠎ᠠ ᠪᠠᠷᠢᠮᠲᠠ ᠶᠢ ᠪᠢᠴᠢᠵᠦ ᠣᠷᠣᠭᠤᠯᠬᠤ ᠪᠠ ᠵᠠᠰᠠᠪᠤᠷᠢ ᠣᠷᠣᠭᠤᠯᠬᠤ᠂ ᠮᠠᠲ᠋ᠧᠷᠢᠶᠠᠯ ᠤᠨ ᠡᠭᠡ ᠲᠠᠩᠰᠠ ᠶᠢ ᠡᠮᠬᠢᠳᠬᠡᠨ ᠲᠡᠭᠦᠯᠳᠡᠷᠵᠢᠭᠦᠯᠬᠦ ᠵᠡᠷᠭᠡ ᠤᠯᠠᠨ ᠲᠠᠯ᠎ᠠ ᠠᠴᠠ ᠨᠠᠷᠢᠨ ᠪᠠᠶᠢᠴᠠᠭᠠᠨ ᠵᠠᠯᠠᠷᠠᠭᠤᠯᠵᠤ᠂ ᠴᠠᠭ ᠲᠤᠬᠠᠢ ᠳᠤᠨᠢ ᠮᠥᠷᠳᠡᠨ ᠱᠠᠯᠠᠪᠳᠠᠭᠤᠯᠤᠨ ᠵᠢᠯᠣᠭᠤᠳᠴᠤ᠂ ᠠᠵᠢᠯ ᠳᠤ ᠵᠠᠪᠰᠠᠷ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠡᠴᠦᠰ ᠲᠤᠨᠢ ᠲᠤᠯᠲᠠᠯ᠎ᠠ ᠠᠳᠬᠤᠵᠤ᠂ ᠰᠡᠭᠦᠯᠴᠢ ᠶᠢᠨ ᠦᠨᠡᠯᠡᠨ ᠵᠢᠱᠢᠯᠲᠡ ᠶᠢᠨ ᠡᠯ᠎ᠡ ᠵᠦᠢᠯ ᠤᠨ ᠠᠵᠢᠯ ᠢ  ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠡᠯ᠎ᠡ ᠲᠣᠰᠬᠤᠨ᠂  ᠬᠤᠳᠠᠯᠳᠤᠭ᠎ᠠ ᠳᠡᠯᠭᠡᠭᠦᠷ᠂ ᠡᠮ ᠤᠨ ᠥᠷᠥᠭᠡ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠭᠤᠷᠢᠨ ᠪᠠᠶᠢᠴᠠᠭᠠᠵᠤ᠂ ᠡᠯ᠎ᠡ ᠲᠣᠰᠬᠤᠨ ᠤ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠦ᠂ ᠡᠯ᠎ᠡ ᠲᠣᠰᠬᠤᠨ ᠤ ᠬᠢᠨ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠡᠬᠡ ᠲᠠᠩᠰᠠ ᠶᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠥᠭᠡᠮ ᠬᠦᠴᠢᠯ ᠴᠤᠭᠯᠠᠭᠤᠯᠬᠤ ᠠᠵᠢᠯ ᠤᠨ ᠶᠠᠪᠤᠴᠠ ᠶᠢ ᠵᠢᠷᠤᠮᠵᠢᠭᠤᠯᠵᠤ᠂ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ  ᠰᠢᠢᠳᠪᠦᠷᠢᠯᠡᠬᠦ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ ᠪᠠᠯᠭᠠᠰᠤᠨ ᠤ ᠠᠷᠠᠳ ᠲᠦᠮᠡᠨ ᠤ ᠠᠮᠤᠷ ᠲᠦᠪᠰᠢᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号