ᠠᠤᠬᠠᠨ ᠬᠤᠰᠢᠭᠤᠨ ᠤ ︽ᠪᠣᠬᠢᠷᠲᠤᠯ ᠥᠬᠡᠶ ᠠᠷᠠᠯᠵᠢᠶᠠᠴᠢᠨ ᠤᠷᠢᠬᠤ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/12/7
   ᠨᠣᠭᠤᠭᠠᠨ ᠥᠩᠭᠡ ᠶᠢᠨ ︽ᠪᠥᠬᠦ ᠪᠥᠮᠪᠥᠷᠴᠡᠭ ᠤᠨ ᠣᠷᠴᠢᠨ ᠠᠬᠤᠶ ᠶᠢᠨ 500 ᠰᠢᠯᠢᠳᠡᠭ︾ ᠨᠢ ᠠᠤᠬᠠᠨ ᠤ ᠭᠤᠤᠯ ᠬᠥᠭ ᠠᠶᠠᠰ ᠮᠥᠨ᠃ 2022 ᠣᠨ ᠠᠴᠠ ᠨᠠᠰᠢ᠂ ᠠᠤᠬᠠᠨ ᠬᠤᠰᠢᠭᠤᠨ ᠤ ᠮᠥᠩᠭᠦᠨ  ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠭᠤᠶᠢᠪᠢᠰᠢ ᠥᠬᠡᠶ ᠵᠠᠮᠨᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠬᠢᠨᠠᠮᠠᠭᠠᠶ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ  ᠠᠷᠠᠯᠵᠢᠶᠠᠴᠢᠨ ᠤᠷᠢᠬᠤ ᠣᠶᠢᠯᠠᠭᠠᠭᠳᠠᠬᠤᠨ ᠢ ᠪᠠᠷᠢᠮᠲᠠᠯᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠢᠳᠡᠪᠬᠢᠲᠡᠶ ᠥᠷᠨᠢᠭᠦᠯᠪᠡ᠃    ᠠᠷᠠᠯᠵᠢᠶᠠᠴᠢᠨ ᠤᠷᠢᠵᠤ ᠪᠡᠯᠡ ᠣᠷᠣᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠬᠦ ᠶᠢᠨ ᠲᠥᠯᠥᠭᠡ᠂ ︽ᠥᠷᠭᠡᠨ ᠢᠶᠠᠷ ᠡᠯᠰᠡᠵᠦ ᠥᠷᠭᠡᠨ ᠢᠶᠠᠷ ᠲᠠᠲᠠᠵᠤ︾ ᠪᠠᠶᠢᠭᠰᠠᠨ ᠠᠴᠠ ᠪᠠᠨ ︽ ᠠᠷᠠᠯᠵᠢᠶᠠᠴᠢᠨ ᠢ ᠰᠣᠩᠭᠤᠵᠤ ᠪᠡᠯᠡ ᠮᠥᠩᠭᠦ ᠶᠢ ᠰᠣᠩᠭᠤᠬᠤ︾ ᠬᠦᠷᠲᠡᠯ᠎ᠡ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠲᠠᠯ᠎ᠠ ᠪᠠᠷ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ︽ᠪᠣᠬᠢᠷᠲᠤᠯ ᠪᠠᠭ᠎ᠠ᠂ ᠡᠨᠧᠷᠭᠢ ᠪᠠᠭ᠎ᠠ ᠬᠤᠷᠣᠭᠳᠠᠭᠤᠯᠬᠤ᠂ ᠪᠣᠬᠢᠷᠲᠤᠯ ᠪᠠᠭ᠎ᠠ ᠭᠠᠳᠠᠭᠰᠢᠯᠠᠭᠤᠯᠬᠤ︾ ᠬᠡᠯᠪᠡᠷᠢ ᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠪᠣᠬᠢᠷᠲᠤᠯ ᠦᠭᠡᠶ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠢᠮᠠᠭᠲᠠ  ᠳᠣᠭᠤᠰᠢᠯᠠᠭᠤᠯᠵᠤ᠂ ᠮᠧᠬᠠᠨᠢᠭ ᠡᠳ᠋ᠰᠢᠭᠦᠯᠦᠨ ᠦᠢᠯᠡᠳᠬᠦ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠭᠤᠣᠯᠯᠠᠭᠴᠢ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠵᠤ᠂ ᠳᠠᠪᠠᠭᠤᠯᠢᠭ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠲᠦᠷᠭᠡᠳᠬᠡᠵᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠰᠣᠶᠣᠯ ᠵᠤᠭᠠᠴᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠪᠤᠶᠢᠵᠢᠭᠤᠯᠵᠤ᠂ ᠲᠤᠭ᠎ᠠ ᠬᠡᠮᠵᠢᠶ᠎ᠡ ᠶᠢ ᠴᠢᠬᠤᠯᠠᠴᠢᠯᠠᠬᠤ᠂ ᠬᠤᠷᠳᠤᠴᠠ ᠶᠢ ᠴᠢᠬᠤᠯᠠᠴᠢᠯᠠᠬᠤ ᠠᠴᠠ ᠶᠠᠰᠤ ᠴᠢᠨᠠᠷ ᠢ ᠴᠢᠬᠤᠯᠠᠴᠢᠯᠠᠬᠤ᠂ ᠦᠷ᠎ᠡ ᠠᠰᠢᠭ ᠢ ᠴᠢᠬᠤᠯᠠᠴᠢᠯᠠᠬᠤ ᠳᠡᠭᠡᠷ᠎ᠡ ᠲᠤᠬᠢᠷᠠᠭᠤᠯᠵᠤ ᠂ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ ᠬᠠᠮᠠᠭᠠᠯᠠᠬᠤ᠂ ᠨᠡᠮᠡᠯᠲᠡ ᠦᠷᠳᠡᠭ ᠢᠶᠠᠷ ᠥᠨᠳᠥᠷ᠂ ᠬᠥᠭᠵᠢᠯᠲᠡ ᠶᠢᠨ ᠢᠷᠡᠭᠡᠳᠦᠢ ᠪᠠᠷ ᠰᠢᠯᠢᠳᠡᠭ᠂ ᠠᠵᠤ ᠠᠬᠤᠢ ᠶᠢᠨ ᠳᠠᠶᠢᠴᠢᠯᠠᠬᠤ ᠬᠦᠴᠦᠨ ᠢᠶᠠᠷ ᠴᠢᠩᠭ᠎ᠠ ᠲᠤᠮᠤ ᠲᠦᠷᠦᠯ ᠵᠦᠢᠯ ᠢ ᠣᠷᠣᠭᠤᠯᠤᠨ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠬᠤᠴᠣᠷᠤᠩᠭᠤᠢ᠂ ᠪᠣᠬᠢᠷᠲᠤᠯ ᠶᠡᠬᠡᠲᠡᠢ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠲᠦᠷᠦᠯ ᠵᠦᠢᠯ ᠳᠤ ︽ᠪᠣᠯᠬᠤ ᠦᠭᠡᠢ︾ ᠭᠡᠵᠦ ᠡᠷᠡᠰ ᠬᠡᠯᠡᠨ᠎ᠡ᠃ ᠡᠨᠡ ᠵᠢᠯ᠂ ᠪᠢᠳᠡ ᠵᠢᠯ ᠳᠤ 30 ᠲᠦᠮᠡᠨ ᠲᠣᠨ ᠴᠠᠶᠢᠶ᠋ᠢᠦ ᠲᠣᠰᠣᠨ ᠤ ᠲᠥᠷᠥᠯ  ᠵᠦᠢᠯ ᠢ ᠰᠢᠯᠢᠳᠡᠭᠵᠢᠭᠦᠯᠬᠦ᠂ ᠵᠢᠯ ᠳᠤ 20 ᠲᠦᠮᠡᠨ ᠳ᠋ᠦᠩᠰᠢᠭᠤᠷ ᠲᠥᠭᠦᠷᠢᠭ ᠤᠨ ︽ᠬᠠᠳᠠᠭᠠᠰᠤ ᠬᠠᠷᠪᠤᠬᠤ᠂ ᠨᠢᠭᠡ ᠴᠤᠭᠴᠠᠵᠢᠭᠤᠯᠤᠨ ᠬᠠᠳᠠᠭᠠᠰᠤ ᠬᠠᠳᠠᠬᠤ︾ ᠲᠥᠷᠥᠯ  ᠵᠦᠢᠯ ᠵᠡᠷᠭᠡ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠣᠯᠠᠨ ᠲᠥᠷᠥᠯ  ᠵᠦᠢᠯ ᠢ  ᠦᠢᠯᠡᠳᠪᠦᠷᠢᠯᠡᠬᠦ ᠶᠢ ᠨᠢᠭᠡᠨᠲᠡ ᠲᠡᠪᠴᠢᠪᠡ᠃    ᠬᠤᠶᠢᠰᠢᠳᠠ ᠠᠤᠬᠠᠨ ᠬᠤᠰᠢᠭᠤᠨ ᠤ ᠮᠥᠩᠭᠦᠨ ᠭᠦᠢᠯᠭᠡᠭᠡ ᠪᠣᠯᠤᠨ ᠪᠡᠯᠡ ᠣᠷᠣᠭᠤᠯᠤᠯᠲᠠ ᠶᠢ ᠠᠬᠢᠭᠤᠯᠬᠤ  ᠲᠣᠪᠴᠢᠶ᠎ᠠ ᠪᠣᠬᠢᠷᠲᠤᠯ ᠦᠭᠡᠢ᠂ ᠦᠷᠭᠦᠯᠵᠢᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ᠪᠣᠬᠢᠷᠲᠤᠯ ᠦᠭᠡᠢ᠂ ᠠᠮᠢ ᠠᠬᠤᠢ ᠶᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠯᠪᠡᠷᠢ ᠶᠢᠨ ᠲᠦᠷᠦᠯ ᠵᠦᠢᠯ ᠢᠶᠠᠷ ᠠᠷᠠᠯᠵᠢᠶᠠᠴᠢᠨ ᠤᠷᠢᠵᠤ ᠠᠷᠠᠯᠵᠢᠶᠠᠴᠢᠨ ᠰᠣᠩᠭᠤᠬᠤ ᠶᠢᠨ ᠭᠠᠷᠤᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠣᠯᠤᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂  ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠤᠬᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号