ᠠᠤᠬᠠᠨ ᠬᠤᠰᠢᠭᠤᠨ ᠤ ᠣᠷᠤᠭ ᠳᠠᠩᠰᠠᠯᠠᠬᠤ ᠲᠥᠪ ᠢ ᠨᠡᠭᠦᠯᠭᠡᠬᠦ ᠠᠯᠪᠠᠨ ᠵᠠᠷ
ᠨᠡᠶᠢᠲᠡᠯᠡᠭᠰᠡᠨ ᠴᠠᠭ᠄
2022/12/7
   ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ 2022 ᠣᠨ ᠤ 12 ᠰᠠᠷ᠎ᠠ ᠶᠢᠨ 18 ᠤ ᠡᠳᠦᠷ ᠠᠴᠠ ᠡᠬᠢᠯᠡᠨ᠂ ᠠᠤᠬᠠᠨ ᠬᠤᠰᠢᠭᠤᠨ ᠤ ᠣᠷᠤᠭ ᠳᠠᠩᠰᠠᠯᠠᠬᠤ ᠲᠥᠪ ᠨᠢ ᠬᠤᠰᠢᠭᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠠᠴᠠ ᠰᠢᠨᠵᠸᠦ ᠵᠡᠭᠡᠯᠢ ᠶᠢᠨ ᠭᠤᠸᠠᠩ ᠳ᠋ᠠ ᠶᠠᠰᠤᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ ᠡᠮᠦᠨ᠎ᠡ ᠬᠤᠶᠠᠳᠤᠭᠠᠷ ᠳᠠᠪᠬᠤᠷᠯᠢᠭ ︵ᠤᠤᠯ ᠤᠨ ᠲᠥᠯᠥᠪᠯᠡᠭᠡᠲᠦ ᠦᠷᠡᠵᠢᠯ  ᠤᠨ ᠦᠢᠯᠡᠴᠢᠯᠡᠭᠡᠨ  ᠤ ᠲᠥᠪ ᠤᠨ ᠬᠤᠶᠠᠳᠤᠭᠠᠷ ᠳᠠᠪᠬᠤᠷᠯᠢᠭ︶ ᠲᠤ  ᠨᠡᠭᠦᠯᠭᠡᠨ᠎ᠡ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠣᠷᠤᠭ ᠳᠠᠩᠰᠠᠯᠠᠬᠤ ᠲᠥᠪ ᠤᠨ ᠪᠣᠶ ᠪᠥᠬᠦᠶ ᠲᠤᠬᠠᠶᠢᠯᠠᠭᠰᠠᠨ ᠠᠵᠢᠯ ᠢ ᠪᠦᠬᠦᠯᠢ ᠴᠣᠭᠴᠠ ᠪᠠᠷ ᠨᠢ ᠰᠢᠨ᠎ᠡ ᠭᠠᠵᠠᠷ ᠲᠤ ᠰᠢᠯᠵᠢᠭᠦᠯᠦᠨ ᠣᠷᠣᠭᠤᠯᠬᠤ ᠶᠢᠨ ᠬᠠᠮᠲᠤ 2022 ᠣᠨ ᠤ 12 ᠰᠠᠷ᠎ᠠ ᠶᠢᠨ 19 ᠤ ᠡᠳᠦᠷ ᠠᠴᠠ ᠡᠬᠢᠯᠡᠨ ᠵᠢᠩᠬᠢᠨᠢ ᠪᠠᠷ ᠭᠠᠳᠠᠭᠰᠢ ᠲᠤᠬᠠᠶᠢᠯᠠᠭᠰᠠᠨ ᠠᠵᠢᠯ ᠢᠶᠠᠨ  ᠭᠦᠢᠴᠡᠳᠭᠡᠨ᠎ᠡ᠃    ᠬᠤᠶᠠᠷ᠂ ᠣᠷᠤᠭ ᠳᠠᠩᠰᠠᠯᠠᠬᠤ ᠲᠥᠪ ᠢ ᠨᠡᠭᠦᠯᠭᠡᠭᠰᠡᠨ ᠤ ᠳᠠᠷᠠᠭ᠎ᠠ ᠠᠵᠢᠯᠯᠠᠬᠤ ᠴᠠᠭ ᠢ ᠬᠤᠪᠢᠷᠠᠭᠤᠯᠬᠤ ᠥᠬᠡᠶ᠃ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠦᠳᠡ ᠶᠢᠨ ᠡᠮᠦᠨ᠎ᠡ ᠶᠢᠨ 8᠄ 30 ~ 12᠄ 00᠂ ᠦᠳᠡ ᠶᠢᠨ ᠬᠤᠶᠢᠨ᠎ᠠ ᠶᠢᠨ 2᠄ 30 ~ 5᠄ 30᠃    ᠭᠤᠷᠪᠠ᠂ ᠲᠤᠬᠠᠶᠢᠯᠠᠭᠰᠠᠨ ᠠᠵᠢᠯ ᠤᠨ ᠯᠠᠪᠯᠠᠭ᠎ᠠ᠄ ᠰᠢᠨ᠎ᠡ ᠬᠠᠶ᠋ᠢᠭ ᠢ ᠡᠬᠢᠯᠡᠵᠦ ᠬᠡᠷᠡᠭᠯᠡᠭᠰᠡᠨ ᠤ ᠳᠠᠷᠠᠭ᠎ᠠ᠂ ᠤᠤᠯ ᠤᠨ ᠠᠯᠪᠠᠯᠠᠬᠤ ᠤᠲᠠᠰᠤᠨ ᠤ ᠨᠣᠮᠧᠷ ᠨᠢ ᠬᠤᠪᠢᠷᠬᠠᠤ ᠥᠬᠡᠶ᠃ ᠲᠤᠬᠠᠶᠢᠯᠠᠭᠰᠠᠨ ᠠᠵᠢᠯ ᠤᠨ ᠯᠠᠪᠯᠠᠯᠲᠠ ᠶᠢᠨ  ᠬᠠᠯᠠᠮᠰᠢᠯ ᠤᠲᠠᠰᠤ᠄ 0476-4323879᠃    ᠨᠡᠭᠦᠯᠭᠡᠬᠦ ᠠᠵᠢᠯ ᠤᠨ ᠲᠠᠨ ᠳᠤ ᠠᠪᠴᠢᠷᠠᠭᠰᠠᠨ ᠶᠠᠷᠰᠢᠭ ᠲᠦᠪᠡᠭ ᠢ ᠠᠭᠤᠴᠢᠯᠠᠬᠤ ᠪᠣᠯᠪᠠᠤ᠃    ᠣᠨᠴᠠᠭᠠᠶᠢᠯᠠᠨ ᠵᠠᠷᠯᠠᠪᠠ    ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ    2022 ᠣᠨ ᠤ 12 ᠰᠠᠷ᠎ᠠ ᠶᠢᠨ 2 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号