ᠠᠤᠬᠠᠨ — ᠪᠣᠯᠪᠠᠰᠤᠨ ᠨᠡᠷᠡᠨ ᠮᠠᠨᠳᠤᠭᠰᠠᠨ ᠭᠠᠵᠠᠷ
ᠨᠡᠶᠢᠲᠡᠯᠡᠭᠰᠡᠨ ᠴᠠᠭ᠄
2022/12/8
   ᠠᠤᠬᠠᠨ ᠬᠤᠰᠢᠭᠤᠨ ᠤ ᠲᠡᠤᠬᠡ ᠰᠣᠶᠣᠯ ᠤᠨ ᠰᠠᠭᠤᠷᠢ ᠭᠦᠨ ᠵᠤᠵᠠᠭᠠᠨ ᠪᠠᠶᠢᠵᠤ᠂ ︽ᠬᠥᠮᠦᠨ ᠰᠣᠶᠤᠯᠲᠤ ᠠᠤᠬᠠᠨ︾ ᠢᠶᠠᠷ ᠢᠶᠠᠨ ᠠᠯᠳᠠᠷᠰᠢᠭᠰᠠᠨ ᠶᠤᠮ᠃ ᠬᠢᠯᠢ ᠶᠢᠨ ᠳᠣᠲᠣᠷ᠎ᠠ ᠨᠢᠭᠡᠨᠲᠡ ᠡᠯ᠎ᠡ ᠠᠳᠠᠯᠢ ᠪᠤᠰᠤ ᠴᠠᠭ ᠦᠶ᠎ᠡ ᠶᠢᠨ ᠡᠷᠲᠡᠨ ᠤ ᠰᠣᠶᠣᠯ ᠤᠨ ᠦᠯᠡᠳᠡᠭᠳᠡᠯ ᠪᠠ ᠪᠤᠯᠠᠰᠢ ᠶᠢ 4000 ᠭᠠᠷᠤᠶ ᠢᠯᠡᠷᠡᠭᠦᠯᠵᠦ᠂ ᠪᠦᠬᠦ ᠤᠯᠤᠰ ᠤᠨ ᠲᠡᠷᠢᠭᠦᠨ ᠳᠤ ᠤᠷᠤᠭᠰᠠᠨ ᠪᠠᠶᠢᠨ᠎ᠠ᠃ ᠡᠭᠦᠨ ᠳᠤ ᠰᠢᠶᠤᠤ ᠾᠧ ᠰᠢ ᠰᠣᠶᠣᠯ᠂ ᠰᠢᠩ ᠯᠦᠩ ᠸᠠ ᠰᠣᠶᠣᠯ᠂ ᠵᠣᠣ ᠪᠦᠦ ᠭᠸᠤ  ᠰᠣᠶᠣᠯ᠂ ᠰᠢᠶᠤᠤ ᠾᠧ ᠶᠠᠨ  ᠰᠣᠶᠣᠯ ᠵᠡᠷᠭᠡ ᠳᠥᠷᠪᠡᠨ  ᠵᠦᠢᠯ ᠤᠨ ᠠᠩᠬ᠎ᠠ ᠢᠯᠡᠷᠡᠭᠦᠯᠦᠭᠰᠡᠨ ᠪᠥᠭᠡᠳ ᠠᠤᠬᠠᠨ ᠭᠠᠵᠠᠷ ᠤᠨ ᠨᠡᠷ᠎ᠡ ᠪᠠᠷ ᠨᠡᠷᠡᠶᠢᠳᠦᠭᠰᠡᠨ ᠪᠠᠯᠠᠷ ᠡᠷᠲᠡᠨ ᠤ ᠬᠠᠭᠤᠴᠢ ᠰᠤᠳᠤᠯᠤᠯ ᠤᠨ ᠰᠣᠶᠣᠯ ᠪᠣᠶ᠃ ᠰᠢᠩ ᠯᠦᠩ ᠸᠠ ᠶᠢᠨ ᠪᠠᠯᠠᠷ ᠡᠷᠲᠡᠨ ᠤ ᠰᠠᠭᠤᠷᠢᠰᠢᠯ ᠤᠨ ᠪᠠᠭᠤᠷᠢ᠂ ᠴᠧᠩ ᠽᠢ ᠱᠠᠨ ᠠᠭᠤᠯᠠᠨ ᠬᠤᠲᠠ ᠶᠢᠨ ᠪᠠᠭᠤᠷᠢ᠂ ᠳ᠋ᠠ ᠳ᠋ᠢᠶᠠᠨ ᠽᠢ ᠶᠢᠨ ᠪᠠᠭᠤᠷᠢ᠂ ᠵᠣᠣ ᠪᠦᠦ ᠭᠸᠤ ᠶᠢᠨ ᠪᠠᠭᠤᠷᠢ᠂ ᠪᠠᠶᠢᠯᠳᠤᠭᠠᠨᠲᠤ ᠤᠯᠤᠰ ᠤᠨ ᠶᠠᠨ ᠴᠠᠩ  ᠴᠧᠩ‌ᠣᠷᠳᠣ ᠴᠠᠭᠠᠨ ᠬᠡᠷᠡᠮ ᠤᠨ ᠪᠠᠭᠤᠷᠢ ᠵᠡᠷᠭᠡ 9 ᠤᠯᠤᠰ ᠤᠨ ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠣᠶ᠃    ᠠᠤᠬᠠᠨ ᠬᠤᠰᠢᠭᠤ ᠪᠣᠯ ᠬᠤᠸᠠᠰᠢᠶᠠ ᠶᠢᠨ ᠨᠢᠭᠡᠳᠦᠭᠡᠷ ᠲᠣᠰᠬᠤᠨ᠂  ᠬᠠᠰ  ᠯᠤᠤ ᠶᠢᠨ ᠡᠬᠢ ᠶᠢᠨ ᠭᠠᠵᠠᠷ ᠪᠣᠯᠤᠨ᠎ᠠ᠃ ᠣᠲᠣ ᠠᠴᠠ 8000 ᠵᠢᠯ ᠤᠨ ᠡᠮᠦᠨᠡᠬᠢ ᠰᠢᠩ ᠯᠦᠩ ᠸᠠ ᠰᠣᠶᠣᠯ ᠤᠨ ᠪᠠᠭᠤᠷᠢ ᠨᠢ ︽ᠬᠤᠸᠠᠰᠢᠶᠠ ᠨᠢᠭᠡᠳᠦᠭᠡᠷ ᠲᠣᠰᠬᠤᠨ︾ ᠬᠡᠮᠡᠭᠳᠡᠵᠦ᠂ ᠬᠠᠭᠤᠴᠢ ᠰᠤᠳᠤᠯᠤᠯ ᠤᠨ ᠡᠲᠡᠭᠡᠳ ᠤᠨ ᠰᠣᠶᠣᠯ ᠤᠨ ᠦᠵᠡᠰᠬᠦᠯᠡᠩ ᠤᠨ ᠬᠡᠳᠦᠨ  ᠵᠦᠢᠯ ᠤᠨ ᠲᠡᠤᠬᠡ ᠶᠢᠨ ᠳᠤᠷᠠᠰᠬᠠᠯᠲᠤ  ᠵᠦᠢᠯᠡᠰ  ᠤᠨ ᠬᠠᠭᠤᠴᠢ ᠰᠤᠳᠤᠯᠤᠯ ᠤᠨ ᠬᠠᠮᠤᠭ᠂ ︽ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠠᠷᠪᠠᠨ ᠶᠡᠭᠡ ᠢᠯᠡᠷᠡᠭᠦᠯᠦᠯᠲᠡ︾ ᠶᠢᠨ ᠨᠢᠭᠡ ᠬᠡᠮᠡᠭᠳᠡᠵᠦ᠂ ᠡᠷᠳᠡᠮ ᠰᠢᠨᠵᠢᠯᠡᠭᠡᠨ ᠤ ᠡᠲᠡᠭᠡᠳ ᠲᠤ ︽ᠬᠤᠸᠠᠰᠢᠶᠠ ᠨᠢᠭᠡᠳᠦᠭᠡᠷ ᠲᠣᠰᠬᠤᠨ︾ ᠬᠡᠮᠡᠭᠳᠡᠪᠡ᠃ ᠳᠤᠮᠳᠠᠳᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠡᠷᠳᠡᠮᠲᠡᠳ ᠤᠨ ᠨᠤᠲᠠᠯᠠᠭᠰᠠᠨ ᠢᠶᠠᠷ᠂ ᠰᠢᠩ ᠯᠦᠩ ᠸᠠ ᠶᠢᠨ ᠪᠠᠭᠤᠷᠢ ᠠᠴᠠ ᠣᠯᠳᠠᠭᠰᠠᠨ ᠴᠢᠯᠠᠭᠤᠨ ᠯᠣᠣ ᠪᠣᠯ ᠳᠤᠮᠳᠠᠳᠤ ᠤᠯᠤᠰ ᠤᠨ ᠬᠠᠮᠤᠭ ᠡᠷᠲᠡᠨ ᠤ ᠪᠣᠳᠠᠲᠤ ᠪᠣᠳᠠᠰ ᠤᠨ ᠯᠣᠣ ᠪᠣᠯᠤᠨ᠎ᠠ᠂ ᠲᠤᠰ ᠪᠠᠭᠤᠷᠢ ᠠᠴᠠ ᠣᠯᠳᠠᠭᠰᠠᠨ ᠬᠠᠰ ᠯᠣᠣ ᠪᠣᠯ ᠳᠡᠯᠡᠬᠡᠶ ᠳᠡᠭᠡᠷᠡᠬᠢ ᠬᠠᠮᠤᠭ ᠡᠷᠲᠡᠨ ᠤ ᠬᠠᠰ ᠡᠳ᠋ᠯᠡᠯ ᠪᠣᠯᠬᠤ ᠪᠥᠭᠡᠳ ᠪᠠᠰᠠ ᠴᠤ ᠬᠤᠩᠱᠠᠨ ᠰᠣᠶᠣᠯ ᠤᠨ ︽ᠬᠠᠰ ᠯᠣᠣ︾ ᠶᠢᠨ ᠠᠩᠬᠠᠨ ᠤ ᠪᠡᠶ᠎ᠡ ᠪᠣᠯᠤᠨ᠎ᠠ᠂ ᠡᠶᠢᠮᠦ ᠠᠴᠠ ᠰᠢᠩ ᠯᠦᠩ ᠸᠠ ᠶᠢᠨ ᠪᠠᠭᠤᠷᠢ ᠨᠢ ︽ᠬᠠᠰ ᠯᠤᠤ ᠶᠢᠨ ᠡᠬᠢ︾ ᠭᠡᠰᠡᠨ ᠠᠯᠳᠠᠷᠲᠠᠶ ᠶᠤᠮ᠃ ᠮᠠᠯᠲᠠᠵᠤ ᠭᠠᠷᠭᠠᠭᠰᠠᠨ ᠬᠠᠰ ᠤᠨ ᠯᠢᠮᠪᠦ ᠶᠢ ᠳᠡᠯᠡᠬᠡᠶ ᠶᠢᠨ ᠬᠠᠮᠤᠭ ᠠᠩᠬᠠᠨ ᠤ ᠬᠦᠭᠵᠢᠮᠳᠡᠬᠦᠷ ᠢᠶᠠᠷ ᠦᠵᠡᠵᠦ᠂ ᠮᠠᠯᠲᠠᠵᠤ ᠭᠠᠷᠭᠠᠭᠰᠠᠨ ᠰᠢᠳᠦᠨ ᠤ ᠶᠠᠰᠤ ᠠᠴᠠ 8000 ᠵᠢᠯ ᠤᠨ ᠡᠮᠦᠨ᠎ᠡ ᠬᠥᠮᠦᠨ ᠲᠥᠷᠥᠯᠬᠢᠲᠡᠨ ᠨᠢᠭᠡᠨᠲᠡ ᠰᠢᠳᠦᠨ ᠤ ᠡᠮᠴᠢ ᠲᠠᠢ ᠪᠣᠯᠤᠭᠰᠠᠨ ᠢ ᠳᠣᠲᠣᠯᠠᠵᠠᠶ᠃ ᠳᠤᠮᠳᠠᠳᠤ ᠤᠯᠤᠰ ᠤᠨ ᠣᠳᠣ ᠦᠶ᠎ᠡ ᠶᠢᠨ ᠬᠠᠭᠤᠴᠢ ᠰᠤᠳᠤᠯᠤᠯ ᠤᠨ ᠡᠷᠳᠡᠮᠲᠡᠨ ᠰᠦ ᠪᠢᠩ ᠴᠢ ᠠᠪᠤᠭᠠᠶ ᠠᠤᠬᠠᠨ ᠢ ︽ᠪᠣᠯᠪᠠᠰᠤᠨ ᠨᠠᠷᠠᠨ ᠮᠠᠨᠳᠤᠭᠰᠠᠨ ᠭᠠᠵᠠᠷ︾ ᠭᠡᠵᠦ ᠮᠠᠭᠲᠠᠵᠠᠶ᠃ ᠠᠣᠬᠠᠨ ᠬᠤᠰᠢᠭᠤᠨ ᠤ ᠮᠦᠽᠧᠶ ᠳᠤ 5000 ᠭᠠᠷᠤᠶ ︵ᠢᠵᠢ︶ ᠲᠡᠤᠬᠡ ᠰᠣᠶᠣᠯ ᠤᠨ ᠬᠤᠪᠣᠷ ᠨᠠᠨᠳᠢᠨ ᠡᠳ᠋ ᠬᠠᠳᠠᠭᠠᠯᠠᠵᠤ᠂ ᠪᠥᠬᠦ ᠤᠯᠤᠰ ᠤᠨ ᠰᠢᠶᠠᠨ ᠤ ᠱᠠᠲᠤᠨ ᠤ ᠮᠦᠽᠧᠶ ᠳᠤ ᠨᠢᠭᠡᠳᠦᠭᠡᠷ ᠲᠤ ᠣᠷᠣᠪᠠ᠃ ᠰᠢᠩ ᠯᠦᠩ ᠭᠸᠤ ᠶᠢᠨ ᠪᠠᠭᠤᠷᠢ ᠠᠴᠠ ᠣᠯᠳᠠᠭᠰᠠᠨ ᠬᠤᠩᠱᠠᠨ ᠰᠣᠶᠣᠯ ᠤᠨ ᠪᠦᠬᠦ ᠪᠡᠶ᠎ᠡ ᠶᠢᠨ ᠸᠠᠭᠠᠷ ᠤᠨ ᠬᠥᠮᠦᠨ ︽ᠳᠤᠮᠳᠠᠳᠤ ᠶᠢᠨ ᠳᠡᠭᠡᠳᠦᠰ ᠤᠨ ᠰᠠᠬᠢᠭᠤᠯᠰᠤᠨ︾ ᠬᠡᠮᠡᠭᠳᠡᠵᠦ᠂ ᠬᠤᠩᠱᠠᠨ ᠰᠣᠶᠣᠯ ᠤᠨ ᠠᠷᠪᠠᠨ ᠶᠡᠭᠡ ᠰᠣᠳᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠷᠢᠭᠦᠨ ᠳᠤ ᠵᠢᠭᠰᠠᠭᠠᠭᠳᠠᠪᠠ᠃    ᠠᠤᠬᠠᠨ ᠬᠤᠰᠢᠭᠤ ᠪᠣᠯ ᠪᠥᠬᠦ ᠳᠡᠯᠡᠬᠡᠶ ᠶᠢᠨ ᠬᠠᠭᠤᠷᠠᠶ ᠲᠠᠷᠢᠶᠠᠯᠠᠭ᠎ᠠ ᠶᠢᠨ ᠡᠬᠢ᠂ ᠳᠡᠯᠡᠬᠡᠶ ᠶᠢᠨ  ᠰᠢᠯᠦᠬᠡᠢ ᠨᠠᠷᠢᠮᠤ ᠶᠢᠨ ᠨᠤᠲᠤᠭ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号