ᠪᠣᠯᠪᠠᠰᠤᠨ ᠢᠶᠠᠷ ᠵᠤᠭᠠᠴᠠᠵᠤ᠂ ᠪᠣᠯᠪᠠᠰᠤᠨ ᠢ ᠬᠠᠮᠤᠭ ᠤᠨ ᠭᠤᠶᠤ ᠦᠵᠡᠮᠵᠢ  ᠪᠣᠯᠭᠠᠶ᠎ᠠ ︕
ᠨᠡᠶᠢᠲᠡᠯᠡᠭᠰᠡᠨ ᠴᠠᠭ᠄
2022/12/8
   ᠵᠢᠭᠤᠯᠴᠢᠯᠠᠯ ᠨᠢ ᠠᠮᠢᠳᠤᠷᠠᠯ ᠢ ᠨᠠᠩ ᠵᠣᠯ ᠵᠢᠷᠭᠠᠯ ᠲᠠᠢ ᠪᠣᠯᠭᠠᠵᠤ᠂ ᠪᠣᠯᠪᠠᠰᠤᠨ ᠢᠶᠠᠷ ᠴᠢ ᠪᠢᠳᠡ ᠬᠤᠶᠠᠷ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠤᠨ᠎ᠠ᠃ ᠪᠣᠯᠪᠠᠰᠤᠨ ᠡᠶ᠎ᠡ ᠵᠣᠬᠢᠴᠠᠯ ᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠪᠣᠯᠪᠠᠰᠤᠨ ᠵᠢᠭᠤᠯᠴᠢᠯᠠᠯ ᠤᠨ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃    ᠥᠷᠭᠡᠨ ᠤᠯᠠᠨ ᠲᠦᠮᠡᠨ ᠪᠣᠯᠪᠠᠰᠤᠨ ᠦᠭᠡ ᠬᠡᠯᠡᠵᠦ᠂ ᠪᠣᠯᠪᠠᠰᠤᠨ ᠠᠵᠢᠯ ᠬᠢᠵᠦ᠂ ᠶᠣᠰᠣ ᠵᠢᠷᠤᠮ ᠢ ᠡᠷᠬᠢᠮᠯᠡᠨ᠂ ᠡᠮᠬᠢ ᠵᠢᠷᠤᠮ ᠢ ᠰᠠᠬᠢᠵᠤ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠪᠣᠯᠪᠠᠰᠤᠨ ᠵᠢᠯᠣᠭᠤᠴᠢ ᠪᠣᠯᠬᠤ ᠬᠡᠷᠡᠭᠲᠡᠶ᠃ ︽ᠶᠠᠪᠠᠭᠠᠨ ᠱᠤᠭᠤᠮ ᠳᠤ ᠨᠠᠶᠢᠷ ᠲᠠᠯᠪᠢᠵᠤ᠂ ᠪᠣᠯᠪᠠᠰᠤᠨ ᠢᠶᠠᠷ ᠵᠠᠮ ᠭᠡᠲᠦᠯᠦᠨ᠎ᠡ︾᠂ ᠭᠠᠳᠠᠭᠠᠳᠤ ᠶᠢᠨ ᠵᠤᠭᠠᠴᠠᠭᠰᠠᠳ ᠲᠤ ᠨᠥᠬᠦᠷᠰᠡᠭ ᠢᠶᠠᠷ ᠬᠠᠨᠳᠤᠵᠤ᠂ ᠭᠠᠳᠠᠭᠠᠳᠤ ᠶᠢᠨ ᠵᠤᠭᠠᠴᠠᠭᠰᠠᠳ ᠤᠨ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠵᠤ᠂ ᠵᠤᠭᠠᠴᠠᠯ ᠤᠨ ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠣᠯᠪᠠᠰᠤᠨ ᠵᠤᠭᠠᠴᠠᠯ ᠤᠨ ᠰᠠᠶᠢᠨ ᠳᠤᠷ᠎ᠠ ᠶᠢᠨ ᠦᠢᠯᠡᠴᠢᠯᠡᠭᠴᠢ ᠪᠣᠯᠬᠤ ᠪᠠᠷ ᠴᠢᠷᠮᠠᠶᠢᠨ᠎ᠠ᠃ ᠲᠤᠰ ᠪᠡᠶ᠎ᠡ ᠶᠢᠨ ᠪᠣᠯᠪᠠᠰᠤᠨ ᠬᠡᠪ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠪᠣᠯᠪᠠᠰᠤᠨ ᠵᠢᠭᠤᠯᠴᠢᠯᠠᠯ ᠤᠨ ᠦᠢᠯᠡᠳᠦᠯᠭᠡᠵᠢᠭᠦᠯᠦᠭᠴᠢ᠂ ᠣᠷᠣᠯᠠᠨ ᠥᠭᠦᠯᠡᠭᠴᠢ ᠪᠣᠯᠬᠤ ᠬᠡᠷᠡᠭᠲᠡᠶ᠃    ᠥᠷᠭᠡᠨ ᠤᠯᠠᠨ ᠵᠢᠭᠤᠯᠴᠢᠯᠠᠭᠴᠢᠳ ︽ᠳᠤᠮᠳᠠᠳᠤ ᠤᠯᠤᠰ ᠤᠨ ᠠᠷᠠᠳ ᠢᠷᠭᠡᠳ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠪᠣᠯᠪᠠᠰᠤᠨ ᠠᠵᠢᠯᠯᠠᠭ᠎ᠠ ᠶᠢᠨ ᠨᠡᠶᠢᠲᠡ ᠶᠢᠨ ᠭᠡᠷ᠎ᠡ︾ ᠶᠢ ᠤᠬᠠᠮᠰᠠᠷ ᠠᠴᠠ ᠪᠠᠨ ᠵᠢᠷᠤᠮᠯᠠᠵᠤ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠪᠠ ᠤᠯᠠᠨ ᠨᠡᠶᠢᠲᠡ ᠶᠢᠨ ᠡᠮᠬᠢ ᠵᠢᠷᠤᠮ ᠢ ᠬᠠᠮᠠᠭᠠᠯᠠᠨ᠂ ᠠᠮᠢ ᠠᠬᠤᠶ ᠶᠢᠨ ᠣᠷᠴᠢᠨ ᠨᠥᠬᠦᠴᠡᠯ ᠪᠠ ᠲᠡᠦᠬᠡ ᠶᠢᠨ ᠳᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠢ ᠬᠠᠮᠠᠭᠠᠯᠠᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠨ ᠭᠠᠮᠨᠠᠵᠤ᠂ ᠲᠤᠬᠠᠶ ᠶᠢᠨ ᠭᠠᠵᠠᠷ ᠤᠨ ᠵᠠᠩ ᠳᠠᠳᠬᠠᠯ ᠢ ᠬᠦᠨᠳᠦᠳᠬᠡᠬᠦ ᠬᠡᠷᠡᠭᠲᠡᠶ᠃ ᠳᠤᠷ᠎ᠠ ᠪᠠᠷ ᠢᠶᠠᠨ ᠨᠤᠯᠮᠤᠬᠤ ᠦᠭᠡᠢ᠂ ᠬᠠᠶᠠᠭᠳᠠᠯ ᠪᠣᠳᠠᠰ ᠢ ᠳᠤᠷ᠎ᠠ ᠪᠠᠷ ᠢᠶᠠᠨ ᠬᠠᠶᠠᠬᠤ ᠦᠭᠡᠢ᠂ ᠵᠦᠯᠭᠡ ᠶᠢ ᠭᠢᠰᠬᠢᠬᠦ ᠦᠭᠡᠢ᠂ ᠪᠦᠳᠦᠭᠦᠯᠢᠭ ᠦᠭᠡ ᠶᠠᠷᠢᠬᠤ ᠦᠭᠡᠢ᠂  ᠡᠮᠬᠢ  ᠵᠢᠷᠦᠮ ᠲᠠᠢ ᠮᠥᠷᠯᠡᠵᠦ᠂ ᠲᠠᠮᠠᠬᠢ ᠴᠠᠭᠠᠵᠠᠯᠠᠬᠤ ᠭᠠᠵᠠᠷ ᠲᠤ ᠲᠠᠮᠠᠬᠢ ᠲᠠᠲᠠᠬᠤ ᠦᠭᠡᠢ᠂ ᠤᠯᠠᠨ ᠨᠡᠶᠢᠲᠡ ᠶᠢᠨ ᠲᠠᠯᠠᠪᠤᠷ ᠲᠤ ᠥᠨᠳᠥᠷ ᠳᠠᠭᠤᠨ ᠢᠶᠠᠷ ᠶᠠᠷᠢᠯᠴᠠᠬᠤ ᠦᠭᠡᠢ᠂ ᠲᠡᠦᠬᠡ ᠶᠢᠨ ᠳᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠳᠤ ᠡᠷᠢᠶᠡᠴᠢᠵᠦ ᠰᠡᠶᠢᠯᠬᠦ ᠦᠭᠡᠢ ᠪᠠᠶᠢᠵᠤ᠂ ᠪᠣᠯᠪᠠᠰᠤᠨ ᠵᠢᠭᠤᠯᠴᠢᠯᠠᠯ ᠢ ᠨᠢᠭᠡ ᠵᠦᠢᠯ ᠤᠨ ᠰᠢᠨ᠎ᠡ ᠬᠡᠪ ᠰᠤᠷᠲᠠᠯ  ᠪᠣᠯᠭᠠᠬᠤ ᠬᠡᠷᠡᠭᠲᠡᠢ᠃    ᠥᠷᠭᠡᠨ ᠣᠯᠠᠨ ᠵᠢᠭᠤᠯᠴᠢᠯᠠᠯ ᠤᠨ ᠠᠵᠢᠯ ᠡᠷᠬᠢᠯᠡᠭᠴᠢᠳ ᠡᠵᠡᠩᠨᠡᠯᠲᠡ ᠶᠢᠨ ᠠᠵᠢᠯᠯᠠᠭ᠎ᠠ ᠪᠠᠨ ᠤᠬᠠᠮᠰᠠᠷ ᠠᠴᠠ ᠪᠠᠨ ᠵᠢᠷᠤᠮᠵᠢᠭᠤᠯᠵᠤ᠂ ᠬᠠᠤᠯᠢ ᠰᠠᠬᠢᠯᠭ᠎ᠠ ᠶᠢ ᠵᠢᠷᠤᠮᠯᠠᠨ᠂ ᠭᠡᠷ᠎ᠡ ᠶᠢ ᠪᠠᠲᠤ ᠰᠠᠬᠢᠵᠤ᠂ ᠬᠤᠳᠠᠯ ᠬᠠᠭᠤᠷᠮᠠᠭ ᠵᠠᠷ ᠨᠡᠶᠢᠲᠡᠯᠡᠵᠦ ᠵᠢᠭᠤᠯᠴᠢᠯᠠᠭᠴᠢᠳ ᠢ ᠠᠳᠡᠭᠦᠷᠡᠭᠦᠯᠬᠦ ᠥᠬᠡᠶ᠂ ᠵᠣᠴᠢᠳ ᠢ  ᠮᠡᠬᠡᠯᠡᠬᠦ ᠥᠬᠡᠶ᠂ ᠵᠣᠴᠢᠳ ᠢ ᠳᠠᠷᠤᠯᠠᠬᠤ ᠥᠬᠡᠶ ᠪᠠᠶᠢᠵᠤ᠂ ᠵᠢᠭᠤᠯᠴᠢᠯᠠᠭᠴᠢᠳ ᠤᠨ ᠶᠠᠪᠤᠬᠤ ᠠᠴᠠ ᠡᠮᠦᠨᠡᠬᠢ ᠲᠣᠳᠣᠷᠬᠠᠶᠢᠯᠠᠯᠲᠠ ᠶᠢᠨ  ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠶ᠃ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠵᠢᠭᠤᠯᠴᠢᠯᠠᠯ ᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠪᠣᠯᠪᠠᠰᠤᠨ ᠵᠢᠭᠤᠯᠴᠢᠯᠠᠯ ᠤᠨ ᠤᠯᠠᠮᠵᠢᠯᠠᠭᠴᠢ  ᠪᠣᠯᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号