| ᠠᠤᠬᠠᠨ ᠬᠤᠰᠢᠭᠤᠨ ᠤ ᠲᠡᠤᠬᠡ ᠰᠣᠶᠣᠯ ᠤᠨ ᠰᠠᠭᠤᠷᠢ ᠭᠦᠨ ᠵᠤᠵᠠᠭᠠᠨ ᠪᠠᠶᠢᠵᠤ᠂ ︽ᠬᠥᠮᠦᠨ ᠰᠣᠶᠤᠯᠲᠤ ᠠᠤᠬᠠᠨ︾ | ᠢᠶᠠᠷ ᠢᠶᠠᠨ ᠠᠯᠳᠠᠷᠰᠢᠭᠰᠠᠨ ᠶᠤᠮ᠃ ᠬᠢᠯᠢ ᠶᠢᠨ ᠳᠣᠲᠣᠷ᠎ᠠ ᠨᠢᠭᠡᠨᠲᠡ ᠡᠯ᠎ᠡ ᠠᠳᠠᠯᠢ ᠪᠤᠰᠤ ᠴᠠᠭ ᠦᠶ᠎ᠡ ᠶᠢᠨ ᠡᠷᠲᠡᠨ ᠤ | ᠰᠣᠶᠣᠯ ᠤᠨ ᠦᠯᠡᠳᠡᠭᠳᠡᠯ ᠪᠠ ᠪᠤᠯᠠᠰᠢ ᠶᠢ 4000 ᠭᠠᠷᠤᠶ ᠢᠯᠡᠷᠡᠭᠦᠯᠵᠦ᠂ ᠪᠦᠬᠦ ᠤᠯᠤᠰ ᠤᠨ ᠲᠡᠷᠢᠭᠦᠨ ᠳᠤ ᠤᠷᠤᠭᠰᠠᠨ | ᠪᠠᠶᠢᠨ᠎ᠠ᠃ ᠡᠭᠦᠨ ᠳᠤ ᠰᠢᠶᠤᠤ ᠾᠧ ᠰᠢ ᠰᠣᠶᠣᠯ᠂ ᠰᠢᠩ ᠯᠦᠩ ᠸᠠ ᠰᠣᠶᠣᠯ᠂ ᠵᠣᠣ ᠪᠦᠦ ᠭᠸᠤ ᠰᠣᠶᠣᠯ᠂ ᠰᠢᠶᠤᠤ | ᠾᠧ ᠶᠠᠨ ᠰᠣᠶᠣᠯ ᠵᠡᠷᠭᠡ ᠳᠥᠷᠪᠡᠨ ᠵᠦᠢᠯ ᠤᠨ ᠠᠩᠬ᠎ᠠ ᠢᠯᠡᠷᠡᠭᠦᠯᠦᠭᠰᠡᠨ ᠪᠥᠭᠡᠳ ᠠᠤᠬᠠᠨ ᠭᠠᠵᠠᠷ ᠤᠨ ᠨᠡᠷ᠎ᠡ ᠪᠠᠷ | ᠨᠡᠷᠡᠶᠢᠳᠦᠭᠰᠡᠨ ᠪᠠᠯᠠᠷ ᠡᠷᠲᠡᠨ ᠤ ᠬᠠᠭᠤᠴᠢ ᠰᠤᠳᠤᠯᠤᠯ ᠤᠨ ᠰᠣᠶᠣᠯ ᠪᠣᠶ᠃ ᠰᠢᠩ ᠯᠦᠩ ᠸᠠ ᠶᠢᠨ ᠪᠠᠯᠠᠷ ᠡᠷᠲᠡᠨ ᠤ | ᠰᠠᠭᠤᠷᠢᠰᠢᠯ ᠤᠨ ᠪᠠᠭᠤᠷᠢ᠂ ᠴᠧᠩ ᠽᠢ ᠱᠠᠨ ᠠᠭᠤᠯᠠᠨ ᠬᠤᠲᠠ ᠶᠢᠨ ᠪᠠᠭᠤᠷᠢ᠂ ᠳ᠋ᠠ ᠳ᠋ᠢᠶᠠᠨ ᠽᠢ ᠶᠢᠨ ᠪᠠᠭᠤᠷᠢ᠂ ᠵᠣᠣ ᠪᠦᠦ | ᠭᠸᠤ ᠶᠢᠨ ᠪᠠᠭᠤᠷᠢ᠂ ᠪᠠᠶᠢᠯᠳᠤᠭᠠᠨᠲᠤ ᠤᠯᠤᠰ ᠤᠨ ᠶᠠᠨ ᠴᠠᠩ ᠴᠧᠩᠣᠷᠳᠣ ᠴᠠᠭᠠᠨ ᠬᠡᠷᠡᠮ ᠤᠨ ᠪᠠᠭᠤᠷᠢ ᠵᠡᠷᠭᠡ 9 | ᠤᠯᠤᠰ ᠤᠨ ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠣᠶ᠃ | ᠠᠤᠬᠠᠨ ᠬᠤᠰᠢᠭᠤ ᠪᠣᠯ ᠬᠤᠸᠠᠰᠢᠶᠠ ᠶᠢᠨ ᠨᠢᠭᠡᠳᠦᠭᠡᠷ ᠲᠣᠰᠬᠤᠨ᠂ ᠬᠠᠰ ᠯᠤᠤ ᠶᠢᠨ ᠡᠬᠢ ᠶᠢᠨ ᠭᠠᠵᠠᠷ ᠪᠣᠯᠤᠨ᠎ᠠ᠃ | ᠣᠲᠣ ᠠᠴᠠ 8000 ᠵᠢᠯ ᠤᠨ ᠡᠮᠦᠨᠡᠬᠢ ᠰᠢᠩ ᠯᠦᠩ ᠸᠠ ᠰᠣᠶᠣᠯ ᠤᠨ ᠪᠠᠭᠤᠷᠢ ᠨᠢ ︽ᠬᠤᠸᠠᠰᠢᠶᠠ ᠨᠢᠭᠡᠳᠦᠭᠡᠷ | ᠲᠣᠰᠬᠤᠨ︾ ᠬᠡᠮᠡᠭᠳᠡᠵᠦ᠂ ᠬᠠᠭᠤᠴᠢ ᠰᠤᠳᠤᠯᠤᠯ ᠤᠨ ᠡᠲᠡᠭᠡᠳ ᠤᠨ ᠰᠣᠶᠣᠯ ᠤᠨ ᠦᠵᠡᠰᠬᠦᠯᠡᠩ ᠤᠨ ᠬᠡᠳᠦᠨ ᠵᠦᠢᠯ ᠤᠨ | ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠠᠮᠤᠭ᠂ ︽ᠳᠤᠮᠳᠠᠳᠤ ᠤᠯᠤᠰ ᠤᠨ ᠬᠠᠭᠤᠴᠢ | ᠰᠤᠳᠤᠯᠤᠯ ᠤᠨ ᠠᠷᠪᠠᠨ ᠶᠡᠭᠡ ᠢᠯᠡᠷᠡᠭᠦᠯᠦᠯᠲᠡ︾ ᠶᠢᠨ ᠨᠢᠭᠡ ᠬᠡᠮᠡᠭᠳᠡᠵᠦ᠂ ᠡᠷᠳᠡᠮ ᠰᠢᠨᠵᠢᠯᠡᠭᠡᠨ ᠤ ᠡᠲᠡᠭᠡᠳ ᠲᠤ ︽ | ᠬᠤᠸᠠᠰᠢᠶᠠ ᠨᠢᠭᠡᠳᠦᠭᠡᠷ ᠲᠣᠰᠬᠤᠨ︾ ᠬᠡᠮᠡᠭᠳᠡᠪᠡ᠃ ᠳᠤᠮᠳᠠᠳᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠡᠷᠳᠡᠮᠲᠡᠳ ᠤᠨ | ᠨᠤᠲᠠᠯᠠᠭᠰᠠᠨ ᠢᠶᠠᠷ᠂ ᠰᠢᠩ ᠯᠦᠩ ᠸᠠ ᠶᠢᠨ ᠪᠠᠭᠤᠷᠢ ᠠᠴᠠ ᠣᠯᠳᠠᠭᠰᠠᠨ ᠴᠢᠯᠠᠭᠤᠨ ᠯᠣᠣ ᠪᠣᠯ ᠳᠤᠮᠳᠠᠳᠤ ᠤᠯᠤᠰ ᠤᠨ | ᠬᠠᠮᠤᠭ ᠡᠷᠲᠡᠨ ᠤ ᠪᠣᠳᠠᠲᠤ ᠪᠣᠳᠠᠰ ᠤᠨ ᠯᠣᠣ ᠪᠣᠯᠤᠨ᠎ᠠ᠂ ᠲᠤᠰ ᠪᠠᠭᠤᠷᠢ ᠠᠴᠠ ᠣᠯᠳᠠᠭᠰᠠᠨ ᠬᠠᠰ ᠯᠣᠣ ᠪᠣᠯ ᠳᠡᠯᠡᠬᠡᠶ | ᠳᠡᠭᠡᠷᠡᠬᠢ ᠬᠠᠮᠤᠭ ᠡᠷᠲᠡᠨ ᠤ ᠬᠠᠰ ᠡᠳ᠋ᠯᠡᠯ ᠪᠣᠯᠬᠤ ᠪᠥᠭᠡᠳ ᠪᠠᠰᠠ ᠴᠤ ᠬᠤᠩᠱᠠᠨ ᠰᠣᠶᠣᠯ ᠤᠨ ︽ᠬᠠᠰ ᠯᠣᠣ︾ ᠶᠢᠨ | ᠠᠩᠬᠠᠨ ᠤ ᠪᠡᠶ᠎ᠡ ᠪᠣᠯᠤᠨ᠎ᠠ᠂ ᠡᠶᠢᠮᠦ ᠠᠴᠠ ᠰᠢᠩ ᠯᠦᠩ ᠸᠠ ᠶᠢᠨ ᠪᠠᠭᠤᠷᠢ ᠨᠢ ︽ᠬᠠᠰ ᠯᠤᠤ ᠶᠢᠨ ᠡᠬᠢ︾ ᠭᠡᠰᠡᠨ | ᠠᠯᠳᠠᠷᠲᠠᠶ ᠶᠤᠮ᠃ ᠮᠠᠯᠲᠠᠵᠤ ᠭᠠᠷᠭᠠᠭᠰᠠᠨ ᠬᠠᠰ ᠤᠨ ᠯᠢᠮᠪᠦ ᠶᠢ ᠳᠡᠯᠡᠬᠡᠶ ᠶᠢᠨ ᠬᠠᠮᠤᠭ ᠠᠩᠬᠠᠨ ᠤ ᠬᠦᠭᠵᠢᠮᠳᠡᠬᠦᠷ ᠢᠶᠠᠷ | ᠦᠵᠡᠵᠦ᠂ ᠮᠠᠯᠲᠠᠵᠤ ᠭᠠᠷᠭᠠᠭᠰᠠᠨ ᠰᠢᠳᠦᠨ ᠤ ᠶᠠᠰᠤ ᠠᠴᠠ 8000 ᠵᠢᠯ ᠤᠨ ᠡᠮᠦᠨ᠎ᠡ ᠬᠥᠮᠦᠨ ᠲᠥᠷᠥᠯᠬᠢᠲᠡᠨ ᠨᠢᠭᠡᠨᠲᠡ | ᠰᠢᠳᠦᠨ ᠤ ᠡᠮᠴᠢ ᠲᠠᠢ ᠪᠣᠯᠤᠭᠰᠠᠨ ᠢ ᠳᠣᠲᠣᠯᠠᠵᠠᠶ᠃ ᠳᠤᠮᠳᠠᠳᠤ ᠤᠯᠤᠰ ᠤᠨ ᠣᠳᠣ ᠦᠶ᠎ᠡ ᠶᠢᠨ ᠬᠠᠭᠤᠴᠢ ᠰᠤᠳᠤᠯᠤᠯ ᠤᠨ | ᠡᠷᠳᠡᠮᠲᠡᠨ ᠰᠦ ᠪᠢᠩ ᠴᠢ ᠠᠪᠤᠭᠠᠶ ᠠᠤᠬᠠᠨ ᠢ ︽ᠪᠣᠯᠪᠠᠰᠤᠨ ᠨᠠᠷᠠᠨ ᠮᠠᠨᠳᠤᠭᠰᠠᠨ ᠭᠠᠵᠠᠷ︾ ᠭᠡᠵᠦ ᠮᠠᠭᠲᠠᠵᠠᠶ᠃ ᠠᠣᠬᠠᠨ | ᠬᠤᠰᠢᠭᠤᠨ ᠤ ᠮᠦᠽᠧᠶ ᠳᠤ 5000 ᠭᠠᠷᠤᠶ ︵ᠢᠵᠢ︶ ᠲᠡᠤᠬᠡ ᠰᠣᠶᠣᠯ ᠤᠨ ᠬᠤᠪᠣᠷ ᠨᠠᠨᠳᠢᠨ ᠡᠳ᠋ ᠬᠠᠳᠠᠭᠠᠯᠠᠵᠤ᠂ ᠪᠥᠬᠦ | ᠤᠯᠤᠰ ᠤᠨ ᠰᠢᠶᠠᠨ ᠤ ᠱᠠᠲᠤᠨ ᠤ ᠮᠦᠽᠧᠶ ᠳᠤ ᠨᠢᠭᠡᠳᠦᠭᠡᠷ ᠲᠤ ᠣᠷᠣᠪᠠ᠃ ᠰᠢᠩ ᠯᠦᠩ ᠭᠸᠤ ᠶᠢᠨ ᠪᠠᠭᠤᠷᠢ ᠠᠴᠠ | ᠣᠯᠳᠠᠭᠰᠠᠨ ᠬᠤᠩᠱᠠᠨ ᠰᠣᠶᠣᠯ ᠤᠨ ᠪᠦᠬᠦ ᠪᠡᠶ᠎ᠡ ᠶᠢᠨ ᠸᠠᠭᠠᠷ ᠤᠨ ᠬᠥᠮᠦᠨ ︽ᠳᠤᠮᠳᠠᠳᠤ ᠶᠢᠨ ᠳᠡᠭᠡᠳᠦᠰ ᠤᠨ | ᠰᠠᠬᠢᠭᠤᠯᠰᠤᠨ︾ ᠬᠡᠮᠡᠭᠳᠡᠵᠦ᠂ ᠬᠤᠩᠱᠠᠨ ᠰᠣᠶᠣᠯ ᠤᠨ ᠠᠷᠪᠠᠨ ᠶᠡᠭᠡ ᠰᠣᠳᠣᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠲᠡᠷᠢᠭᠦᠨ ᠳᠤ ᠵᠢᠭᠰᠠᠭᠠᠭᠳᠠᠪᠠ᠃ | ᠠᠤᠬᠠᠨ ᠬᠤᠰᠢᠭᠤ ᠪᠣᠯ ᠪᠥᠬᠦ ᠳᠡᠯᠡᠬᠡᠶ ᠶᠢᠨ ᠬᠠᠭᠤᠷᠠᠶ ᠲᠠᠷᠢᠶᠠᠯᠠᠭ᠎ᠠ ᠶᠢᠨ ᠡᠬᠢ᠂ ᠳᠡᠯᠡᠬᠡᠶ ᠶᠢᠨ ᠰᠢᠯᠦᠬᠡᠢ ᠨᠠᠷᠢᠮᠤ ᠶᠢᠨ | ᠨᠤᠲᠤᠭ ᠪᠣᠯᠤᠨ᠎ᠠ᠃ |