| ᠴᠡᠪᠡᠷ ᠲᠡᠭᠰᠢ ᠡᠮᠬᠢ ᠳᠢᠭᠯᠢᠮ ᠲᠠᠢ᠂ ᠪᠣᠯᠪᠠᠰᠤᠨ ᠡᠶ᠎ᠡ ᠵᠣᠬᠢᠴᠠᠩᠭᠤᠢ ᠠᠮᠢᠳᠤᠷᠠᠯ ᠤᠨ ᠣᠷᠴᠢᠨ ᠲᠣᠭᠤᠷᠢᠨ ᠢ ᠪᠤᠢ | ᠪᠣᠯᠭᠠᠬᠤ ᠶᠢᠨ ᠲᠥᠯᠥᠭᠡ᠂ ᠶᠢᠨ ᠴᠠᠩ ᠭᠸᠤ ᠯᠢᠶᠠᠩ ᠪᠠᠯᠭᠠᠰᠤ ᠶᠢᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠥᠷᠭᠡᠨ | ᠤᠯᠠᠨ ᠲᠦᠮᠡᠨ ᠢ ᠳᠠᠶᠢᠴᠢᠯᠠᠨ ᠨᠢᠭᠲᠠ ᠬᠠᠮᠵᠢᠯᠴᠠᠭᠤᠯᠵᠤ᠂ ᠬᠦᠴᠦᠨ ᠢᠶᠠᠨ ᠲᠥᠪᠯᠡᠷᠡᠭᠦᠯᠦᠨ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠪᠡ᠃ | ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠬᠤ ᠬᠡᠷᠡᠭᠲᠡᠢ᠃ | ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ | ᠰᠡᠳᠬᠢᠯᠭᠡ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠠᠵᠢᠯ ᠢ ᠦᠨᠡᠨᠬᠦ ᠪᠣᠳᠠᠲᠠᠢ᠂ ᠨᠠᠷᠢᠯᠢᠭ᠂ ᠦᠷ᠎ᠡ ᠪᠦᠲᠦᠮᠵᠢ ᠭᠠᠷᠭᠠᠵᠤ᠂ ᠰᠢᠨ᠎ᠡ ᠲᠦᠷᠢ ᠲᠥᠷᠬᠦ ᠶᠢ ᠳᠠᠰᠤᠷᠠᠯᠳᠠ ᠦᠬᠡᠢ | ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠳᠤ ᠰᠠᠶᠢᠨ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠪᠤᠢ ᠪᠣᠯᠭᠠᠵᠤ ᠥᠭᠬᠦ ᠬᠡᠷᠡᠭᠲᠡᠢ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ | ᠲᠣᠳᠣᠷᠬᠠᠶᠢᠯᠠᠬᠤ ᠬᠡᠷᠡᠭᠲᠡᠢ᠃ ᠪᠠᠶᠢᠩᠭᠤᠵᠢᠭᠰᠠᠨ᠂ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠠᠵᠢᠯ ᠤᠨ | ᠬᠠᠷᠠᠯᠲᠠ ᠶᠢᠨ ᠲᠣᠭᠤᠷᠢᠨ ᠳᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠲᠣᠭᠲᠠᠴᠠ ᠶᠢ | ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ | ᠲᠣᠰᠬᠤᠨ ᠤ ᠪᠠᠶᠢᠳᠠᠯ ᠳᠤᠨᠢ ᠳᠣᠭᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠡᠯ᠎ᠡ ᠲᠣᠰᠬᠤᠨ ᠤ | ᠲᠣᠤᠷᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠣᠨ ᠪᠦᠰᠡ᠂ ᠭᠠᠵᠠᠷ ᠬᠡᠰᠡᠭ ᠬᠤᠪᠢᠶᠠᠨ ᠠᠵᠢᠯ ᠤᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠳᠤᠮᠳᠠ ᠠᠴᠠ ᠨᠢ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ | ᠨᠥᠬᠦᠪᠥᠷᠢᠯᠡᠵᠦ᠂ ᠴᠡᠭᠴᠡᠯᠡᠨ ᠵᠠᠰᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠤᠬᠠᠭᠤᠯᠭ᠎ᠠ ᠬᠥᠮᠦᠵᠢᠯ ᠢ ᠥᠷᠭᠡᠨ ᠢᠶᠠᠷ ᠬᠢᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠥᠷᠭᠡᠨ ᠣᠯᠠᠨ ᠲᠦᠮᠡᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠂ ᠪᠥᠬᠦ | ᠲᠠᠯ᠎ᠠ ᠪᠠᠷ ᠳᠠᠶᠢᠴᠢᠯᠠᠬᠤ᠂ ᠪᠥᠬᠦ ᠶᠠᠪᠤᠴᠠ ᠳᠤ ᠴᠡᠭᠴᠡᠯᠡᠨ ᠵᠠᠰᠠᠬᠤ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠡᠭᠦᠨ ᠤ ᠵᠡᠷᠭᠡ ᠳᠤ ᠰᠢᠪᠠᠳᠠᠨ ᠪᠠᠶᠢᠴᠠᠭᠠᠬᠤ | ᠳᠤᠭᠤᠶᠢᠯᠠᠩ ᠪᠠᠶᠢᠭᠤᠯᠵᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ | ᠵᠢᠴᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠪᠠᠳᠠᠨ ᠪᠠᠶᠢᠴᠠᠭᠠᠯᠲᠠ ᠬᠢᠵᠦ᠂ | ᠪᠥᠬᠦ ᠪᠠᠯᠭᠠᠰᠤᠨ ᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠨᠠᠩ ᠶᠡᠭᠡ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ |