ᠬᠤᠸᠠᠩ ᠶᠠᠩ ᠸᠠ ᠪᠠᠯᠭᠠᠰᠤ᠄ ᠡᠰᠢ ᠰᠦᠷᠡᠯ ᠰᠢᠲᠠᠭᠠᠬᠤ ᠶᠢ ᠴᠠᠭᠠᠵᠠᠯᠠᠵᠤ    ᠬᠥᠬᠡ ᠣᠭᠲᠠᠷᠭᠤᠶ ᠬᠥᠬᠡᠮᠳᠦᠭ ᠤᠰᠤ ᠶᠢ  ᠬᠠᠮᠠᠭᠠᠯᠠᠨ᠎ᠠ
ᠨᠡᠶᠢᠲᠡᠯᠡᠭᠰᠡᠨ ᠴᠠᠭ᠄
2022/2/28
     ᠨᠢᠭᠡ ᠳᠤ᠂ ᠬᠠᠷᠢᠭᠤᠴᠠᠯᠭ᠎ᠠ ᠶᠢᠨ ᠬᠠᠷᠠᠯᠲᠠ ᠶᠢ ᠪᠦᠷᠢᠨ ᠪᠠᠬᠢᠵᠢᠭᠦᠯᠪᠡ᠃ ︽ᠠᠷᠠᠳ ᠢᠶᠠᠷ ᠰᠡᠷᠭᠡᠶᠢᠯᠡᠬᠦ︾ ᠪᠠ ︽ᠮᠡᠷᠭᠡᠵᠢᠯ ᠢᠶᠠᠷ ᠰᠡᠷᠭᠡᠶᠢᠯᠡᠬᠦ︾ ᠶᠢ ᠤᠶᠠᠯᠳᠤᠭᠤᠯᠬᠤ ᠪᠠᠷ ᠳᠡᠮᠵᠢᠨ᠂ ᠨᠣᠴᠣᠬᠤ ᠴᠡᠭ ᠢ ᠴᠠᠭ ᠲᠤᠬᠠᠶ ᠳᠤᠨᠢ ᠣᠨᠣᠪᠴᠢᠲᠠᠶ ᠲᠣᠭᠲᠠᠭᠠᠵᠤ᠂ ᠠᠩᠬᠠᠨ ᠤ ᠭᠠᠯ᠂ ᠠᠩᠬᠠᠨ ᠤ ᠤᠲᠤᠭ᠎ᠠ᠂ ᠠᠩᠬᠠᠨ ᠤ ᠬᠠᠷ᠎ᠠ ᠲᠣᠯᠪᠤ ᠶᠢ ᠴᠢᠩᠭ᠎ᠠ ᠪᠠᠶᠢᠴᠠᠭᠠᠨ  ᠰᠢᠢᠳᠪᠦᠷᠢᠯᠡᠬᠦ ᠬᠡᠷᠡᠭᠲᠡᠢ᠃ ᠤᠯᠠᠨ ᠵᠦᠢᠯ ᠤᠨ ᠠᠷᠭ᠎ᠠ ᠪᠠᠷᠢᠯ ᠢ ᠠᠪᠴᠤ ᠪᠠᠶᠢᠭᠠᠳ ᠬᠡᠰᠡᠭ ᠬᠤᠪᠢᠶᠠᠨ ᠳᠠᠭᠠᠭᠠᠴᠢᠯᠠᠭᠤᠯᠤᠨ ᠬᠠᠷᠢᠭᠤᠴᠠᠬᠤ ᠲᠦᠷᠢᠮ ᠢ ᠲᠡᠭᠦᠯᠳᠡᠷᠵᠢᠭᠦᠯᠵᠦ᠂ ᠪᠠᠯᠭᠠᠰᠤᠨ ᠤ ᠺᠠᠳ᠋ᠷ ᠭᠠᠴᠠᠭ᠎ᠠ ᠶᠢ ᠳᠠᠭᠠᠭᠠᠴᠢᠯᠠᠬᠤ᠂ ᠭᠠᠴᠠᠭ᠎ᠠ ᠳᠤᠭᠤᠶᠢᠯᠠᠩ ᠤᠨ ᠺᠠᠳ᠋ᠷ ᠡᠷᠦᠬᠡ ᠶᠢ ᠳᠠᠭᠠᠭᠠᠴᠢᠯᠠᠬᠤ᠂ ᠲᠠᠷᠢᠶᠠᠨ ᠭᠠᠵᠠᠷ ᠢ ᠬᠥᠮᠦᠨ ᠳᠤ ᠳᠠᠭᠠᠭᠠᠴᠢᠯᠠᠭᠤᠯᠬᠤ ᠶᠢ ᠦᠨᠡᠨ ᠬᠦ ᠪᠡᠶᠡᠯᠡᠭᠦᠯᠵᠦ᠂ ᠬᠠᠷᠠᠯᠲᠠᠲᠤ ᠬᠠᠷᠢᠭᠤᠴᠠᠯᠭ᠎ᠠ ᠶᠢ  ᠬᠠᠷᠠᠭ᠎ᠠ ᠦᠭᠡᠢ ᠴᠡᠭ᠂ ᠥᠨᠴᠥᠭ ᠪᠤᠯᠤᠩ ᠦᠭᠡᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠶ᠃ ᠡᠯ᠎ᠡ ᠭᠠᠴᠠᠭ᠎ᠠ ᠲᠣᠰᠬᠤᠨ ︽ ᠭᠠᠯ ᠨᠣᠴᠣᠭᠠᠬᠤ ᠥᠬᠡᠶ᠂  ᠤᠲᠤᠭ᠎ᠠ  ᠭᠠᠷᠭᠠᠬᠤ ᠥᠬᠡᠶ᠂ ᠳᠠᠭᠠᠭᠤᠯᠢ ᠣᠳᠣᠨ ᠤ ᠠᠯᠤᠰ ᠰᠡᠷᠡᠯ ᠤᠨ ᠬᠢᠨᠠᠨ ᠬᠡᠮᠵᠢᠯᠲᠡ ᠳᠤ ᠨᠢᠭᠡ ᠭᠠᠯ ᠤᠨ ᠴᠡᠭ  ᠴᠤ ᠬᠡᠮᠵᠢᠨ ᠣᠯᠬᠤ ᠥᠬᠡᠶ︾ ᠬᠠᠷᠢᠭᠤᠴᠠᠯᠭᠠᠲᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃   ᠬᠤᠶᠠᠷ  ᠲᠤ᠂ ᠪᠦᠬᠦ ᠲᠠᠯ᠎ᠠ ᠶᠢ ᠤᠬᠠᠭᠤᠯᠤᠨ ᠬᠦᠳᠦᠯᠦᠨ ᠵᠢᠯᠤᠭᠤᠳᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢ ᠵᠡᠷᠭᠡᠪᠡᠷ ᠰᠠᠶᠢᠲᠤᠷ ᠬᠢᠬᠦ ᠬᠡᠷᠡᠭᠲᠡᠢ᠃ ᠲᠧᠯᠸᠢᠰ᠂ ᠤᠬᠠᠭᠤᠯᠬᠤ ᠲᠡᠷᠭᠡ᠂ ᠲᠣᠰᠬᠤᠨ ᠤ ᠪᠦᠷᠢᠶ᠎ᠡ᠂ ᠲᠣᠪᠴᠢ ᠮᠡᠳᠡᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠡᠯᠭᠦᠭᠡ ᠪᠢᠴᠢᠭᠡᠰᠦ᠂ ᠲᠣᠳᠣᠷᠬᠠᠶ ᠴᠠᠭᠠᠰᠤ ᠵᠡᠷᠭᠡ ᠠᠷᠭ᠎ᠠ ᠪᠠᠷᠢᠯ ᠢ  ᠭᠦᠢᠴᠡᠳ ᠠᠰᠢᠭᠯᠠᠨ᠂ ︽ᠣᠷᠴᠢᠨ ᠲᠣᠭᠤᠷᠢᠨ ᠢ ᠬᠠᠮᠠᠭᠠᠯᠠᠬᠤ ᠪᠠᠷ ᠢᠷᠠᠭᠤ ᠠᠯᠳᠠᠷ ᠢᠶᠠᠨ ᠪᠣᠯᠭᠠᠵᠤ᠂ ᠡᠰᠢ ᠰᠦᠷᠡᠯ ᠢ ᠰᠢᠲᠠᠭᠠᠬᠤ ᠪᠠᠷ ᠢᠴᠢᠭᠦᠷᠢ ᠭᠤᠲᠤᠮᠰᠢᠭ ᠢᠶᠠᠨ ᠪᠣᠯᠭᠠᠬᠤ︾ ᠬᠦᠴᠦᠷᠬᠡᠭ ᠶᠡᠭᠡ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠪᠥᠬᠦ ᠲᠠᠯ᠎ᠠ ᠪᠠᠷ ᠳᠠᠶᠢᠴᠢᠯᠠᠵᠤ᠂ ᠪᠥᠬᠦ ᠠᠷᠠᠳ ᠢᠶᠠᠷ ᠢᠶᠠᠨ ᠳᠠᠶᠢᠴᠢᠯᠠᠬᠤ ᠶᠢ ᠪᠡᠶᠡᠯᠡᠭᠦᠯᠵᠦ᠂ ᠬᠥᠮᠦᠨ ᠨᠢᠭᠡᠪᠦᠷᠢ ᠶᠢ ᠴᠥᠮ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠤᠬᠠᠭᠤᠯᠤᠭᠴᠢ ᠪᠠ ᠬᠢᠨᠠᠯᠲᠠ ᠲᠠᠯᠪᠢᠭᠴᠢ ᠪᠣᠯᠭᠠᠵᠤ᠂ ᠦᠨᠡᠨᠬᠦ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠵᠦ᠂ ᠤᠬᠠᠮᠰᠠᠷ ᠠᠴᠠ ᠪᠠᠨ ᠣᠷᠣᠯᠴᠠᠬᠤ ᠶᠢ ᠪᠡᠶᠡᠯᠡᠭᠦᠯᠬᠦ ᠬᠡᠷᠡᠭᠲᠡᠶ᠃    ᠭᠤᠷᠪᠠ ᠳᠤ᠂ ᠠᠮᠤᠷ ᠲᠦᠪᠰᠢᠨ ᠤ ᠬᠠᠮᠢᠶᠠᠷᠤᠯᠲᠠ ᠶᠢ ᠪᠦᠬᠦᠨ ᠢ ᠲᠣᠣᠷᠵᠢᠭᠤᠯᠪᠠ᠃ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠣᠤᠷᠵᠢᠭᠤᠯᠤᠭᠰᠠᠨ ᠬᠠᠮᠢᠶᠠᠷᠤᠯᠲᠠ ᠶᠢᠨ ᠴᠢᠩᠭ᠎ᠠ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠲᠣᠤᠷ ᠢᠶᠠᠷ ᠨᠢᠭᠡᠴᠢ ᠪᠣᠯᠭᠠᠨ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠢᠨᠠᠨ ᠬᠡᠮᠵᠢᠬᠦ  ᠴᠡᠭ ᠢ ᠵᠦᠶ ᠵᠣᠬᠢᠰᠲᠠᠶ ᠪᠠᠶᠢᠷᠢᠰᠢᠭᠤᠯᠬᠤ ᠬᠡᠷᠡᠭᠲᠡᠢ᠃ ᠭᠤᠤᠯᠳᠠᠯᠭ᠎ᠠ ᠲᠠᠢ ᠣᠷᠣᠨ ᠪᠦᠰᠡ ᠶᠢᠨ ᠡᠰᠢ ᠰᠦᠷᠡᠯ ᠤᠨ ᠲᠠᠯᠠᠪᠠᠶ ᠶᠢ ᠳᠤᠭᠤᠶᠢᠯᠠᠩ ᠳᠠᠷᠠᠭᠠᠯᠠᠨ᠂ ᠡᠷᠦᠬᠡ ᠳᠠᠷᠠᠭᠠᠯᠠᠨ᠂ ᠲᠠᠷᠢᠶᠠᠨ ᠭᠠᠵᠠᠷ ᠳᠠᠷᠠᠭᠠᠯᠠᠨ ᠳᠡᠩᠰᠡᠯᠡᠨ ᠲᠡᠮᠳᠡᠭᠯᠡᠬᠦ ᠶᠢ ᠰᠠᠶᠢᠲᠤᠷ ᠬᠢᠵᠦ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠲᠠᠷᠢᠶᠠᠨ ᠭᠠᠵᠠᠷ ᠢ ᠲᠣᠭᠤᠷᠢᠨ ᠪᠠᠶᠢᠴᠠᠭᠠᠬᠤ ᠵᠢᠴᠢ ᠲᠠᠷᠢᠶᠠᠴᠢᠨ ᠡᠷᠦᠬᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠷᠠᠭᠤᠯᠤᠨ᠂ ᠡᠯ᠎ᠡ ᠲᠣᠰᠬᠤᠨ ᠤ ᠣᠷᠣᠨ ᠰᠠᠭᠤᠴᠠ ᠶᠢᠨ ︽ᠣᠲᠤᠭ᠎ᠠ ᠤᠨᠢᠶᠠᠷ ᠬᠠᠷᠠᠭᠳᠠᠬᠤ ᠥᠬᠡᠶ᠂ ᠭᠠᠯ ᠤᠨ ᠬᠡᠷᠡᠯ ᠬᠠᠷᠠᠭᠳᠠᠬᠤ ᠥᠬᠡᠶ᠂ ᠬᠠᠷ᠎ᠠ ᠲᠣᠯᠪᠤ ᠬᠠᠷᠠᠭᠳᠠᠬᠤ ᠥᠬᠡᠶ︾ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号