ᠬᠤᠸᠠᠩ ᠶᠠᠩ ᠸᠠ ᠪᠠᠯᠭᠠᠰᠤ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠬᠠᠪᠤᠷ ᠤᠨ ᠤᠯᠠᠷᠢᠯ ᠤᠨ ︽ᠰᠢᠨ᠎ᠡ ᠲᠠᠭᠠᠷᠢᠯᠲᠠ︾ ᠶᠢ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2022/4/14
      ᠭᠤᠣᠯ ᠨᠠᠭᠤᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠪᠦᠬᠦ᠋ᠢᠯᠡ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢᠨ ᠲᠥᠯᠥᠭᠡ᠂ ᠬᠤᠸᠠᠩ ᠶᠠᠩ ᠸᠠ ᠪᠠᠯᠭᠠᠰᠤ ᠶᠢᠨ ᠬᠢᠨ ᠢᠳᠡᠪᠬᠢᠲᠡᠢ ᠬᠥᠳᠡᠯᠦᠯᠴᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠴᠡᠭᠴᠡᠯᠡᠨ ᠵᠠᠰᠠᠯᠲᠠ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠯ ᠬᠠᠮᠠᠭᠠᠯᠠᠯ ᠤᠨ ᠮᠤᠬᠤᠷᠳᠠᠯ ᠢ ᠴᠢᠩᠭ᠎ᠠ ᠠᠩᠬᠠᠷᠴᠤ᠂ ᠬᠦᠴᠦ ᠪᠠᠨ ᠬᠠᠮᠲᠤᠳᠬᠠᠨ ᠭᠤᠣᠯ ᠨᠠᠭᠤᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠬᠠᠪᠤᠷ ᠤᠨ ᠤᠯᠠᠷᠢᠯ ᠤᠨ ᠲᠠᠭᠠᠷᠢᠯᠳᠠ︾ ᠶᠢ ᠪᠦᠬᠦ ᠲᠠᠯ᠎ᠠ ᠪᠠᠷ ᠥᠷᠨᠢᠭᠦᠯᠪᠡ᠃   ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠨ᠎ᠠ᠃ ᠡᠯ᠎ᠡ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠤ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠬᠤᠪᠢᠶᠠᠵᠤ ᠬᠡᠰᠡᠭ ᠬᠤᠪᠢᠶᠠᠨ ᠡᠭᠦᠷᠭᠡ ᠬᠤᠪᠢᠶᠠᠵᠤ᠂ ᠠᠵᠢᠯ ᠤᠨ ᠪᠠᠶᠢᠷᠢ᠂ ᠬᠠᠷᠢᠭᠤᠴᠠᠯᠭ᠎ᠠ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡᠳᠦᠯᠲᠡᠶ ᠥᠷᠨᠢᠭᠦᠯᠵᠦ᠂ ᠠᠵᠢᠯᠳᠠᠨ ᠤ ᠬᠦᠴᠦᠨ ᠢ ᠡᠮᠬᠢᠯᠡᠨ ᠨᠡᠶᠢᠯᠡᠭᠦᠯᠵᠦ᠂ ᠬᠤᠪᠠᠭ᠋ᠠᠶ ᠮᠣᠳᠤᠨ ᠰᠠᠯᠠᠭ᠎ᠠ ᠪᠤᠵᠠᠷ ᠡᠪᠡᠰᠦ᠂ ᠲᠠᠷᠠᠬᠠᠶ ᠪᠤᠲᠠᠷᠬᠠᠶ ᠬᠤᠭ ᠨᠣᠪᠰᠢ᠂ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠵᠡᠷᠭᠡ ᠶᠢ ᠲᠥᠪᠯᠡᠷᠡᠭᠦᠯᠦᠨ ᠴᠡᠪᠡᠷᠯᠡᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ᠲᠣᠰᠬᠤᠨ ᠤ ᠳᠣᠲᠣᠷᠠᠬᠢ ᠭᠤᠣᠯ ᠵᠠᠮ ᠵᠢᠴᠢ ᠭᠤᠣᠯ ᠨᠠᠭᠤᠷ ᠤᠨ ᠳᠣᠲᠣᠷᠠᠬᠢ ᠠᠷᠢᠭᠤᠨ ᠴᠡᠪᠡᠷ ᠢ ᠰᠠᠶᠢᠲᠤᠷ ᠬᠠᠮᠠᠭᠠᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ  ᠦᠨᠴᠦᠭ ᠪᠣᠯᠤᠩ ᠢ ᠪᠦᠷᠢ ᠠᠷᠢᠭᠤᠨ ᠴᠡᠪᠡᠷ ᠪᠠᠶᠢᠯᠭᠠᠬᠤ ᠶᠢ ᠦᠨᠡᠨ ᠬᠦ  ᠪᠠᠲᠤᠯᠠᠬᠤ ᠬᠡᠷᠡᠭᠲᠡᠢ᠃    ᠰᠢᠯᠭᠠᠨ ᠬᠢᠨᠠᠬᠤ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠳᠡᠭᠡᠭᠰᠢᠯᠡᠭᠦᠯᠦᠨ᠎ᠡ᠃ ᠪᠠᠯᠭᠠᠰᠤᠨ ᠤ ᠬᠠᠮᠢᠶ᠎ᠠ ᠪᠥᠬᠦᠶ ᠥᠷᠲᠡᠭᠡ ᠶᠢᠨ ᠠᠯᠪᠠᠨ ᠬᠡᠷ ᠠᠴᠠ ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠡᠯ᠎ᠡ ᠲᠣᠰᠬᠤᠨ ᠤ ᠭᠤᠤᠯ ᠨᠠᠭᠤᠷ ᠴᠥᠭᠦᠷᠥᠮ ᠳᠤ ᠰᠠᠭᠤᠭ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠳᠤ ︽ᠪᠠᠶᠢᠴᠠᠭᠠᠯᠲᠠ︾ ᠬᠢᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠠᠪᠤᠴᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠶ ᠵᠦᠢᠯᠡᠰ ᠢ ᠪᠥᠬᠦ ᠲᠠᠯ᠎ᠠ ᠪᠠᠷ ᠡᠷᠢᠵᠦ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠳ᠋ᠤᠭᠠᠷ ᠢ ᠨᠢ ᠬᠠᠰᠤᠬᠤ ᠲᠦᠷᠢᠮ ᠢ ᠬᠡᠷᠡᠭᠵᠢᠭᠦᠯᠵᠦ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠦᠷᠭᠦᠯᠵᠢᠯᠡᠨ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠬᠡᠷᠡᠭᠲᠡᠶ᠃ ᠡᠭᠦᠨ ᠤ ᠬᠠᠮᠲᠤ᠂ ᠨᠡᠶᠢᠲᠡᠴᠢ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠵᠠᠷᠯᠠᠨ ᠮᠡᠳᠡᠭᠳᠡᠵᠦ᠂ ᠡᠯ᠎ᠡ ᠲᠣᠰᠬᠤᠨ ᠤ ᠣᠷᠣᠨ ᠰᠠᠭᠤᠴᠠ ᠶᠢᠨ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠬᠥᠲᠥᠯᠦᠨ ᠵᠢᠯᠣᠭᠤᠳᠴᠤ᠂ ᠨᠢᠭᠡ ᠠᠴᠠ ᠬᠤᠶᠠᠷ ᠢ ᠵᠦᠢᠴᠢᠯᠡᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ ᠭᠤᠤᠯ ᠨᠠᠭᠤᠷ ᠴᠥᠭᠦᠷᠥᠮ ᠤᠨ ᠣᠷᠴᠢᠨ  ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃    ᠴᠡᠭ ᠢᠶᠠᠷ ᠨᠡᠶᠢᠳᠡᠮ ᠢ ᠲᠠᠶᠢᠴᠢᠯᠠᠵᠤ᠂ ᠠᠭᠤᠷ ᠠᠮᠢᠰᠬᠤᠯ ᠢ ᠪᠤᠢ ᠪᠣᠯᠭᠠᠨ᠎ᠠ᠃ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠥᠷᠨᠢᠭᠦᠯᠵᠦ᠂ ᠨᠡᠶᠢᠲᠡᠯᠢᠭ ᠵᠢᠱᠢᠶ᠎ᠡ ᠶᠢ ᠪᠤᠶ ᠪᠣᠯᠭᠠᠵᠤ᠂ ᠰᠢᠨ᠎ᠡ ᠬᠡᠪ ᠰᠤᠷᠲᠠᠯ ᠢ ᠪᠤᠶ ᠪᠣᠯᠭᠠᠵᠤ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠥᠪᠡᠷ ᠤᠨ ᠬᠦᠷᠢᠶ᠎ᠡ ᠬᠠᠰᠢᠶ᠎ᠠ ᠪᠠᠨ ᠰᠠᠶᠢᠲᠤᠷ ᠴᠡᠪᠡᠷᠯᠡᠬᠦ᠂ ᠤᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ᠂ ᠬᠠᠶᠠᠭᠳᠠᠮᠠᠯ ᠪᠣᠳᠠᠰ ᠢ ᠬᠠᠮᠢᠶ᠎ᠠ ᠨᠠᠮᠢᠶ᠎ᠠ ᠦᠬᠡᠢ ᠬᠠᠶᠠᠬᠤ ᠦᠬᠡᠢ᠂ ᠣᠷᠴᠢᠨ ᠲᠣᠭᠤᠷᠢᠨ ᠢ ᠵᠠᠰᠠᠬᠤ ᠳᠤ ᠵᠡᠷᠭᠡᠪᠡᠷ ᠣᠷᠣᠯᠴᠠᠬᠤ ᠶᠢ ᠪᠡᠶᠡᠯᠡᠭᠦᠯᠵᠦ᠂ ᠣᠷᠴᠢᠨ ᠲᠣᠭᠤᠷᠢᠨ ᠢ ︽ᠲᠦᠷ ᠴᠠᠭ ᠤᠨ ᠭᠤᠶᠤ ᠰᠠᠶᠢᠬᠠᠨ︾ ᠪᠠᠶᠢᠭᠰᠠᠨ ᠠᠴᠠ ︽ᠴᠠᠭ  ᠢᠮᠠᠭᠲᠠ ᠭᠤᠶᠤ ᠰᠠᠶᠢᠬᠠᠨ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠪᠦᠬᠦ ᠪᠠᠯᠭᠠᠰᠤ ᠪᠠᠷ ᠢᠶᠠᠨ ︽ᠰᠠᠭᠤᠭᠠᠯᠢ ᠠᠷᠠᠳ ᠬᠠᠮᠲᠤᠪᠠᠷ ᠣᠷᠣᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠳᠤ ᠲᠣᠬᠢᠷᠠᠮᠵᠢᠲᠠᠢ  ᠬᠤᠸᠠᠩ ᠶᠠᠩ ᠸᠠ︾  ᠶᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号