ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/7/12
   ᠪᠥᠬᠦ ᠬᠤᠰᠢᠭᠤᠨ ᠤ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠨᠠᠶᠢᠵᠠ  ᠨᠠᠷ ᠲᠤ᠄    ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠰᠡᠳᠬᠢᠯ ᠢ ᠣᠯᠤᠭᠰᠠᠨ ᠠᠷᠠᠳ ᠲᠤ ᠠᠰᠢᠭᠲᠠᠶ ᠢᠨᠵᠧᠨᠧᠷᠢᠩ᠂ ᠪᠣᠳᠠᠲᠤ ᠶᠠᠪᠤᠳᠠᠯ ᠤᠨ ᠢᠨᠵᠧᠨᠧᠷᠢᠩ ᠮᠥᠨ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠮᠠᠨ ᠤ ᠰᠠᠭᠤᠭᠠᠯᠢ ᠠᠷᠠᠳ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃ ᠠᠳᠡ᠂ ᠪᠢᠳᠡ ᠪᠦᠬᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠳᠤ ᠳᠣᠣᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠤᠶ᠎ᠠ᠄    ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠣᠯᠪᠠᠰᠤᠨ ᠬᠡᠪ ᠰᠤᠷᠲᠠᠯ ᠤᠨ ᠤᠯᠠᠮᠵᠢᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ 24 ᠦᠰᠦᠭ ᠤᠨ ᠴᠢᠭᠯᠡᠯᠲᠡ ᠶᠢ ᠢᠳᠡᠪᠬᠢᠲᠡᠶ ᠪᠠᠷ ᠦᠢᠯᠡᠳᠦᠯᠭᠡᠵᠢᠭᠦᠯᠵᠦ᠂ ︽ᠤᠯᠤᠰ ᠢᠶᠠᠨ ᠬᠠᠶᠢᠷᠠᠯᠠᠵᠤ ᠬᠠᠤᠯᠢ ᠶᠢ ᠰᠠᠬᠢᠬᠤ᠂ ᠶᠣᠰᠣ ᠮᠡᠳᠡᠵᠦ ᠦᠨᠡᠨᠴᠢ ᠢᠲᠡᠭᠡᠮᠵᠢᠲᠡᠶ᠂ ᠪᠦᠯᠬᠦᠮᠳᠡᠯ ᠲᠠᠢ ᠨᠥᠬᠦᠷᠰᠡᠭ᠂ ᠠᠵᠢᠯᠴᠢ ᠠᠷᠪᠢᠴᠢ ᠪᠠᠷ ᠥᠪᠡᠷ ᠢ ᠪᠠᠨ ᠬᠦᠴᠦᠷᠬᠡᠭᠵᠢᠭᠦᠯᠬᠦ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ︾ ᠠᠷᠠᠳ ᠢᠷᠭᠡᠳ ᠤᠨ ᠶᠣᠰᠣ ᠮᠣᠷᠠᠯ ᠤᠨ ᠦᠨᠳᠦᠰᠦᠨ ᠵᠢᠷᠤᠮᠵᠢᠯ ᠢ ᠶᠡᠬᠡᠪᠡᠷ ᠪᠠᠳᠠᠷᠠᠭᠤᠯᠵᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ᠂ ᠦᠨᠡᠨᠴᠢ ᠢᠲᠡᠭᠡᠮᠵᠢᠲᠡᠶ ᠪᠠᠶᠢᠬᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠵᠡᠷᠭᠡ ᠤᠯᠠᠮᠵᠢᠯᠠᠯᠲᠤ ᠰᠠᠶᠢᠬᠠᠨ ᠰᠤᠷᠲᠠᠯ ᠢ ᠤᠬᠠᠮᠰᠠᠷ ᠠᠴᠠ ᠪᠠᠨ ᠤᠯᠠᠮᠵᠢᠯᠠᠨ ᠦᠢᠯᠡᠳᠦᠯᠭᠡᠵᠢᠭᠦᠯᠵᠦ᠂ ᠴᠠᠭ ᠦᠶ᠎ᠡ ᠶᠢᠨ ᠭᠤᠣᠯ ᠬᠦᠭ ᠠᠶᠠᠰ ᠢ ᠴᠤᠤᠷᠢᠶᠠᠲᠤᠭᠤᠯᠤᠨ᠎ᠠ᠃    ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠣᠯᠪᠠᠰᠤᠨ ᠦᠢᠯᠡ ᠠᠵᠢᠯᠯᠠᠭ᠎ᠠ ᠶᠢᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠪᠣᠯᠪᠠᠰᠤᠨ ᠶᠣᠰᠣ ᠮᠣᠷᠠᠯ ᠲᠠᠢ  ᠬᠤᠳᠠ ᠶᠢᠨ ᠰᠠᠶᠢᠨ ᠠᠷᠠᠳ ᠪᠣᠯᠬᠤ ᠪᠠᠷ ᠴᠢᠷᠮᠠᠶᠢᠬᠤ ᠬᠡᠷᠡᠭᠲᠡᠢ᠃ ᠪᠣᠯᠪᠠᠰᠤᠨ ᠶᠣᠰᠣ ᠵᠢᠷᠤᠮ ᠢ ᠡᠷᠬᠢᠮᠯᠡᠵᠦ᠂ ᠬᠠᠷᠢᠯᠴᠠᠨ ᠬᠦᠨᠳᠦᠳᠬᠡᠵᠦ᠂ ᠡᠶ᠎ᠡ ᠨᠠᠶᠢᠷᠰᠠᠭ ᠲᠠᠢ ᠪᠦᠯᠬᠦᠮᠳᠡᠵᠦ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠵᠤ᠂ ᠤᠬᠠᠮᠰᠠᠷ ᠠᠴᠠ ᠪᠠᠨ ᠮᠥᠷᠯᠡᠬᠦ ᠬᠡᠷᠡᠭᠲᠡᠢ︔ ᠰᠠᠶᠢᠨ ᠰᠠᠶᠢᠬᠠᠨ ᠵᠠᠩ ᠳᠠᠳᠬᠠᠯ ᠢ ᠬᠥᠮᠦᠵᠢᠭᠦᠯᠵᠦ᠂ ᠡᠮᠦᠰᠴᠦ ᠵᠡᠭᠦᠬᠦ ᠨᠢ ᠡᠪᠯᠢᠭ᠂ ᠦᠭᠡ ᠬᠡᠯᠡ ᠨᠢ ᠶᠣᠰᠣᠷᠬᠠᠭ ᠪᠠᠶᠢᠵᠤ᠂ ᠶᠡᠭᠡ ᠳᠠᠭᠤᠨ ᠢᠶᠠᠷ ᠦᠢᠮᠡᠯᠳᠦᠬᠦ ᠦᠭᠡᠢ ᠪᠠᠶᠢᠵᠤ᠂ ᠤᠰᠤ᠂ ᠴᠠᠬᠢᠯᠭᠠᠨ᠂ ᠬᠡᠢ ᠵᠡᠷᠭᠡ ᠡᠬᠢ ᠪᠠᠶᠠᠯᠢᠭ ᠢ ᠠᠷᠪᠢᠯᠠᠨ ᠬᠡᠷᠡᠭᠯᠡᠵᠦ᠂ ᠵᠠᠮ ᠬᠠᠷᠢᠯᠴᠠᠭᠠᠨ ᠤ ᠡᠮᠬᠢ ᠳᠢᠭᠯᠢᠮ ᠢ ᠰᠠᠬᠢᠵᠤ᠂ ᠪᠣᠬᠢᠷᠲᠤᠯ ᠦᠭᠡᠢ ᠠᠶᠠᠯᠠᠬᠤ ᠶᠢ ᠰᠠᠨᠠᠭᠠᠴᠢᠯᠠᠵᠤ᠂ ︽ᠠᠮᠤ ᠪᠤᠳᠠᠭ᠎ᠠ ᠶᠢ ᠪᠦᠷᠢᠯᠭᠡᠬᠦ ᠦᠭᠡᠢ ᠪᠠᠶᠢᠬᠤ ᠠᠵᠢᠯᠯᠠᠭ᠎ᠠ︾ ᠶᠢ ᠦᠢᠯᠡᠳᠦᠯᠭᠡᠵᠢᠭᠦᠯᠵᠦ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠵᠤ᠂ ᠡᠷᠡᠭᠦᠯ ᠪᠥᠭᠡᠳ ᠪᠣᠬᠢᠷᠲᠤᠯ ᠦᠭᠡᠢ ᠪᠠᠷ ᠰᠦᠯᠵᠢᠶᠡᠨ ᠳᠤ ᠭᠠᠷᠬᠤ ᠶᠢ ᠡᠷᠬᠢᠮᠯᠡᠨ᠎ᠡ᠃    ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠣᠯᠪᠠᠰᠤᠨ ᠣᠷᠴᠢᠨ ᠲᠣᠭᠤᠷᠢᠨ ᠤ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠤᠬᠠᠮᠰᠠᠷ ᠠᠴᠠ ᠪᠠᠨ ᠬᠠᠶᠢᠷᠠᠯᠠᠨ ᠬᠠᠮᠠᠭᠠᠯᠠᠵᠤ᠂ ᠳᠤᠷ᠎ᠠ ᠪᠠᠷ ᠢᠶᠠᠨ ᠨᠤᠯᠮᠤᠬᠤ ᠦᠭᠡᠢ᠂ ᠳᠤᠷ᠎ᠠ ᠪᠠᠷ ᠢᠶᠠᠨ ᠲᠠᠮᠠᠬᠢᠨ ᠶᠣᠵᠣᠭᠤᠷ ᠬᠠᠶᠠᠬᠤ ᠦᠭᠡᠢ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠢ᠂ ᠲᠠᠮᠠᠬᠢ ᠴᠠᠭᠠᠵᠠᠯᠠᠬᠤ ᠭᠠᠵᠠᠷ ᠲᠤ ᠲᠠᠮᠠᠬᠢ ᠲᠠᠲᠠᠬᠤ ᠦᠭᠡᠢ︔ ᠵᠦᠯᠭᠡ ᠭᠠᠵᠠᠷ ᠢ ᠡᠵᠡᠯᠡᠬᠦ ᠥᠬᠡᠶ᠂ ᠳᠤᠷ᠎ᠠ ᠪᠠᠷ ᠢᠶᠠᠨ ᠴᠡᠴᠡᠭ ᠵᠢᠮᠢᠰ ᠲᠡᠭᠦᠬᠦ ᠥᠬᠡᠶ᠂ ᠵᠦᠯᠭᠡ ᠶᠢ ᠭᠢᠰᠬᠢᠵᠦ᠂ ᠨᠣᠭᠤᠭᠠᠷᠠᠭᠤᠯᠤᠯᠲᠠ ᠶᠢᠨ ᠪᠡᠯᠡᠳᠬᠡᠮᠵᠢ ᠶᠢ ᠡᠪᠳᠡᠬᠦ ᠥᠬᠡᠶ︔ ᠡᠷᠦᠶ ᠬᠤᠷᠤᠶ ᠥᠬᠡᠶ ᠡᠷᠢᠶᠡᠴᠢᠵᠦ ᠨᠠᠭᠠᠬᠤ ᠥᠬᠡᠶ᠂ ᠡᠷᠦᠶ ᠬᠤᠷᠤᠶ ᠥᠬᠡᠶ ᠡᠯᠭᠦᠭᠡᠳ ᠡᠷᠦᠶ ᠬᠤᠷᠤᠶ ᠥᠬᠡᠶ ᠡᠭᠡᠭᠡᠬᠦ ᠥᠬᠡᠶ ᠪᠠᠶᠢᠬᠤ ᠬᠡᠷᠡᠭᠲᠡᠶ︔ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠬᠤ ᠥᠬᠡᠶ᠂ ᠲᠣᠭᠲᠠᠭᠠᠯ ᠠᠴᠠ ᠵᠥᠷᠢᠴᠡᠨ ᠠᠮᠠᠷᠬᠠᠨ ᠪᠣᠬᠢᠷᠲᠤᠬᠤ ᠪᠣᠳᠠᠰ ᠢ ᠵᠠᠳᠠᠭᠠᠶ ᠰᠢᠲᠠᠭᠠᠬᠤ ᠥᠬᠡᠶ᠂ ᠴᠠᠭᠠᠵᠠᠲᠠᠶ ᠣᠷᠣᠨ ᠤ ᠳᠣᠲᠣᠷ᠎ᠠ ᠵᠠᠳᠠᠭᠠᠶ ᠰᠢᠷᠠᠬᠤ ᠥᠬᠡᠶ︔ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠣᠭᠤᠷᠢᠭ ᠲᠤ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠲᠡᠵᠢᠭᠡᠬᠦ ᠦᠭᠡᠢ᠂ ᠠᠮᠢᠳᠠᠨ ᠢ ᠲᠡᠵᠢᠭᠡᠬᠦ ᠳᠡᠭᠡᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ ᠪᠣᠯᠪᠠᠰᠤᠨ ᠢᠶᠠᠷ  ᠲᠡᠵᠢᠭᠡᠪᠦᠷᠢ ᠶᠢ ᠲᠡᠵᠢᠭᠡᠬᠦ ᠬᠡᠷᠡᠭᠲᠡᠶ︔ ᠵᠠᠭᠠᠭᠯᠠᠨ ᠲᠣᠭᠲᠠᠭᠠᠭᠰᠠᠨ ᠣᠷᠣᠨ ᠤ ᠭᠠᠳᠠᠨ᠎ᠠ ᠳᠠᠬᠢᠯᠭ᠎ᠠ ᠶᠢᠨ ᠴᠠᠭᠠᠰᠤ ᠰᠢᠲᠠᠭᠠᠬᠤ ᠦᠭᠡᠶ᠂ ᠲᠠᠬᠢᠯᠭ᠎ᠠ ᠶᠢᠨ ᠡᠳ᠋  ᠡᠷᠭᠦᠬᠦ ᠦᠭᠡᠢ ᠪᠠᠶᠢᠬᠤ ᠬᠡᠷᠡᠭᠲᠡᠢ᠃    ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠣᠯᠪᠠᠰᠤᠨ ᠢ ᠡᠭᠦᠳᠦᠨ ᠪᠠᠶᠢᠭᠤᠯᠬᠤ ᠳᠤ ᠣᠷᠣᠯᠴᠠᠭᠴᠢ ᠪᠣᠯᠬᠤ ᠪᠠᠷ ᠴᠢᠷᠮᠠᠶᠢᠨ᠎ᠠ᠃ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠬᠠᠶᠢᠷ᠎ᠠ ᠲᠠᠢ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠯ᠎ᠡ ᠲᠥᠷᠥᠯ ᠤᠨ ᠨᠡᠶᠢᠭᠡᠮ ᠤᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠭᠡᠷ ᠤᠨ ᠬᠥᠮᠦᠰ ᠪᠠ ᠨᠠᠶᠢᠵᠠ ᠨᠠᠷ ᠢ ᠥᠷᠭᠡᠨ ᠢᠶᠠᠷ ᠲᠠᠶᠢᠴᠢᠯᠠᠨ ᠬᠤᠭ ᠨᠣᠪᠰᠢ ᠲᠡᠭᠦᠬᠦ᠂ ᠪᠤᠵᠠᠷ ᠡᠪᠡᠰᠦ ᠶᠢ ᠴᠡᠪᠡᠷᠯᠡᠬᠦ᠂ ᠵᠢᠵᠢᠭ ᠵᠠᠷ ᠮᠡᠳᠡᠭᠡ ᠶᠢ ᠠᠷᠢᠯᠭᠠᠬᠤ᠂ ᠪᠣᠯᠪᠠᠰᠤᠨ ᠢᠶᠠᠷ ᠢᠳᠬᠠᠬᠤ᠂ ᠪᠠᠭᠤᠷᠠᠶ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ᠂ ᠠᠯᠪᠠᠨ ᠵᠢᠷᠤᠮ ᠤᠨ ᠮᠣᠳᠣ ᠲᠠᠷᠢᠬᠤ ᠵᠡᠷᠭᠡ ᠡᠯ᠎ᠡ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠵᠤ᠂ ᠬᠥᠮᠦᠨ ᠪᠦᠬᠦᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ᠂ ᠪᠣᠯᠪᠠᠰᠤᠨ ᠡᠶ᠎ᠡ ᠵᠣᠬᠢᠴᠠᠯ ᠲᠠᠢ᠂ ᠡᠷᠡᠭᠦᠯ ᠥᠭᠡᠳᠡᠷᠬᠡᠭ ᠪᠠᠶᠢᠬᠤ ᠶᠢ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃    ᠬᠤᠲᠠ ᠶᠢᠨ ᠭᠤᠶᠣ ᠰᠠᠶᠢᠬᠠᠨ ᠪᠦᠬᠦᠨ ᠨᠢ ᠴᠥᠮ ᠴᠢ  ᠪᠢᠳᠡᠨ ᠤ ᠬᠠᠮᠲᠤ ᠶᠢᠨ ᠵᠠᠰᠠᠯ ᠠᠴᠠ ᠰᠠᠯᠵᠤ ᠴᠢᠳᠠᠬᠤ ᠦᠭᠡᠶ  ︔ ᠬᠤᠳᠠ ᠶᠢᠨ ᠤᠳᠠᠭ᠎ᠠ ᠪᠦᠷᠢ ᠶᠢᠨ ᠲᠠᠪᠰᠢᠯᠳᠠ ᠨᠢ ᠴᠥᠮ ᠴᠢ ᠪᠢᠳᠡᠨ ᠤ ᠭᠠᠷ ᠬᠤᠯᠪᠣᠯᠴᠠᠨ ᠠᠬᠢᠭᠤᠯᠬᠤ ᠠᠴᠠ ᠰᠠᠯᠵᠤ ᠴᠢᠳᠠᠬᠤ ᠦᠭᠡᠢ ᠶᠤᠮ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠮᠠᠨ ᠤ ᠠᠤᠬᠠᠨ ᠤ ᠬᠥᠮᠦᠨ ᠨᠢᠭᠡᠪᠦᠷᠢ ᠶᠢᠨ ᠬᠠᠮᠲᠤ ᠶᠢᠨ ᠣᠷᠣᠯᠴᠠᠯᠭ᠎ᠠ ᠶᠢ ᠱᠠᠭᠠᠷᠳᠠᠨ᠎ᠠ᠂ ᠪᠢᠳᠠ ᠳᠠᠷᠤᠢ ᠲᠦᠷᠭᠡᠨ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠳᠤ ᠠᠴᠠ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠤᠬᠠᠨ ᠬᠤᠰᠢᠭᠤ ᠶᠢ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠴᠦ᠂ ᠰᠣᠶᠣᠯ ᠭᠦᠨ ᠵᠤᠵᠠᠭᠠᠨ᠂ ᠡᠶ᠎ᠡ ᠵᠣᠬᠢᠴᠠᠩᠭᠤᠢ ᠪᠠᠷ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠳᠣᠬᠢᠴᠢᠯᠠᠭᠰᠠᠨ ᠪᠣᠯᠪᠠᠰᠤᠨ ᠬᠤᠳᠠ ᠪᠣᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠶ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号