| ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠰᠢᠨᠵᠢᠶᠠᠩ ᠳᠤ ᠬᠦᠷᠴᠦ ᠰᠢᠨᠵᠢᠯᠡᠨ | ᠪᠠᠶᠢᠴᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠪᠠ᠃ ᠰᠢ ᠶᠢᠨ ᠫᠢᠩ | ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠰᠢᠨ᠎ᠡ ᠴᠠᠭ | ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ | ᠲᠤᠭᠤᠰᠢᠯᠠᠭᠤᠯᠵᠤ᠂ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠶᠡᠷᠦᠩᠬᠡᠶ ᠬᠠᠷᠠᠯᠲᠠ ᠶᠢ | ᠪᠠᠲᠤ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠴᠠᠭ ᠦᠶ᠎ᠡ ᠰᠢᠨ᠎ᠡ | ᠠᠶᠠᠨ ᠳᠠᠭᠠᠨ ᠪᠦᠯᠬᠦᠮᠳᠡᠯ ᠲᠠᠢ ᠡᠶ᠎ᠡ ᠵᠣᠬᠢᠴᠠᠩᠭᠤᠶ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ | ᠳᠠᠪᠰᠢᠯᠲᠠ ᠲᠠᠢ᠂ ᠠᠮᠤᠷ ᠲᠠᠶᠢᠪᠤᠩ ᠠᠵᠤ ᠲᠦᠷᠦᠭᠦ᠂ ᠠᠮᠢ ᠠᠬᠤᠶ ᠰᠠᠶᠢᠨ ᠰᠠᠶᠢᠬᠠᠨ ᠦᠵᠡᠰᠭᠦᠯᠡᠩᠲᠤ ᠰᠠᠶᠢᠬᠠᠨ | ᠰᠢᠨᠵᠢᠶᠠᠩ ᠢ ᠬᠦᠴᠦᠯᠡᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | 7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠰᠢᠨᠵᠢᠶᠠᠩ ᠳᠤ ᠰᠢᠨᠵᠢᠯᠠᠨ ᠪᠠᠶᠢᠴᠠᠭᠠᠪᠡ᠃ ᠵᠢᠷᠤᠭ ᠪᠤᠯ 13 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ | ᠬᠤᠳᠠ ᠶᠢᠨ ᠲᠢᠶᠠᠨᠱᠠᠨ ᠲᠣᠭᠤᠷᠢᠭ ᠤᠨ ᠭᠦ᠋ ᠶᠤᠸᠠᠨ ᠭᠤᠳᠤᠮᠵᠢ ᠶᠢᠨ ᠨᠡᠶᠢᠭᠡᠮ ᠲᠣᠭᠤᠷᠢᠭ ᠲᠤ ᠰᠢᠨᠵᠢᠯᠠᠨ | ᠪᠠᠶᠢᠴᠠᠭᠠᠬᠤ ᠳᠠᠭᠠᠨ ᠦᠨᠳᠦᠰᠦᠳᠡᠨ ᠨᠦᠭᠦᠳ ᠤᠨ ᠠᠷᠠᠳ ᠲᠦᠮᠠᠨ ᠲᠠᠢ ᠭᠠᠷ ᠲᠠᠯᠠᠯᠤᠨ ᠮᠠᠨᠳᠤᠴᠢᠯᠡᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | | 7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠰᠢᠨᠵᠢᠶᠠᠩ ᠳᠤ ᠰᠢᠨᠵᠢᠯᠠᠨ ᠪᠠᠶᠢᠴᠠᠭᠠᠪᠡ᠃ ᠵᠢᠷᠤᠭ ᠪᠤᠯ 13 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠵᠢᠶᠠᠩ ᠤᠨ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠢᠮᠠᠳᠤᠭᠠᠷ ᠳ᠋ᠢᠸᠢᠽᠢ ᠶᠢᠨ ᠱᠢ ᠾᠧ ᠽᠢ ᠬᠤᠳᠠ ᠳᠠᠬᠢ | ᠰᠢᠨᠵᠢᠶᠠᠩ ᠤᠨ ᠪᠢᠩᠲ᠋ᠤᠸᠠᠨ ᠤ ᠴᠡᠷᠢᠭ ᠤᠨ ᠠᠲᠠᠷ ᠬᠠᠭᠠᠯᠪᠤᠷᠢᠯᠠᠯᠲᠠ ᠶᠢᠨ ᠮᠦᠽᠧᠢ ᠳᠤ ᠪᠢᠩᠲ᠋ᠤᠸᠠᠨ ᠤ ᠠᠬᠠᠮᠠᠳ ᠢᠳᠡᠷ | ᠵᠠᠯᠠᠭᠤ ᠭᠤᠷᠪᠠᠨ ᠦᠶ᠎ᠡ ᠶᠢᠨ ᠪᠥᠲᠥᠭᠡᠨ ᠪᠠᠶᠢᠭᠤᠯᠤᠭᠴᠢᠳ ᠤᠨ ᠲᠥᠯᠥᠭᠡᠯᠡᠭᠴᠢᠤᠨ ᠲᠠᠢ ᠠᠭᠤᠯᠵᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | 7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠮᠠ ᠰᠢᠩ ᠷᠦᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠲᠡᠷᠢᠭᠦᠯᠡᠭᠴᠢ ᠠᠶᠢᠷᠺᠧᠨ· ᠲᠦᠨᠢᠶᠠᠽᠢ ᠶᠢᠨ ᠪᠠᠷ᠎ᠠ ᠪᠤᠯᠤᠯᠭ᠎ᠠ ᠪᠠᠷ᠂ ᠤᠷᠢᠳ ᠬᠤᠵᠢᠳ ᠦᠷᠦᠮᠴᠢ᠂ ᠱᠢ | ᠾᠧ ᠽᠢ᠂ ᠲᠦᠷᠫᠠᠨ ᠵᠡᠷᠭᠡ ᠭᠠᠵᠠᠷ ᠲᠤ ᠬᠦᠷᠴᠦ᠂ ᠰᠤᠷᠭᠠᠭᠤᠯᠢ᠂ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ | ᠲᠤᠭᠤᠷᠢᠭ᠂ ᠨᠡᠶᠢᠭᠡᠮ ᠲᠣᠭᠤᠷᠢᠭ᠂ ᠮᠦᠽᠧᠢ᠂ ᠬᠥᠳᠡᠭᠡ ᠲᠣᠰᠬᠤᠨ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠵᠡᠷᠭᠡ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ | 12 ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠰᠢᠨᠵᠢᠶᠠᠩ ᠶᠡᠭᠡ ᠰᠤᠷᠭᠠᠭᠤᠯᠢ ᠳᠤ ᠬᠦᠷᠴᠦ | ᠰᠢᠨᠵᠢᠯᠡᠨ ᠪᠠᠶᠢᠴᠠᠭᠠᠪᠠ᠃ ᠰᠢ ᠶᠢᠨ ᠫᠢᠩ ᠰᠤᠷᠭᠠᠭᠤᠯᠢ ᠶᠢᠨ ᠲᠡᠦᠬᠡ ᠶᠢᠨ ᠣᠷᠳᠣᠨ ᠪᠣᠯᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠢᠶᠠᠷ ᠲᠣᠭᠤᠷᠢᠨ | ᠦᠵᠡᠵᠦ᠂ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ ᠪᠣᠯᠤᠨ ᠪᠦᠳᠦᠭᠡᠨ ᠪᠠᠶᠢᠭᠤᠯᠤᠯᠲᠠ᠂ ᠴᠢᠳᠠᠪᠤᠷᠢᠲᠠᠨ ᠢ | ᠬᠥᠮᠦᠵᠢᠭᠦᠯᠬᠦ ᠶᠢ ᠴᠢᠩᠭᠠᠳᠬᠠᠬᠤ᠂ ᠦᠨᠳᠦᠰᠦᠲᠡᠨ ᠤ ᠶᠠᠪᠤᠯᠴᠠᠭ᠎ᠠ ᠶᠢ ᠠᠬᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠪᠠᠶᠢᠴᠠᠭᠠᠨ ᠰᠤᠳᠤᠯᠤᠯᠲᠠ ᠬᠢᠭᠡᠳ ᠪᠤᠴᠠᠵᠤ ᠢᠷᠡᠭᠰᠡᠨ ᠰᠤᠷᠤᠭᠴᠢᠳ ᠤᠨ ᠣᠯᠤᠯᠲᠠ ᠪᠠᠨ ᠶᠠᠷᠢᠬᠤ ᠶᠢ ᠰᠣᠨᠣᠰᠴᠠᠢ᠃ | ᠰᠢ ᠶᠢᠨ ᠫᠢᠩ᠂ ᠮᠠᠨ ᠤ ᠤᠯᠤᠰ ᠪᠣᠯ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠮᠥᠨ᠂ ᠳᠤᠮᠳᠠᠳᠤ ᠶᠢᠨ | ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠪᠣᠯ ᠮᠠᠨ ᠤ ᠤᠯᠤᠰ ᠤᠨ ᠨᠢᠭᠡᠨ ᠢᠯᠡᠷᠬᠡᠶ ᠣᠨᠴᠠᠯᠢᠭ ᠪᠣᠯᠤᠨ᠎ᠠ᠃ ᠪᠢᠳᠡ | ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰ ᠤᠨ ᠦᠨᠳᠦᠰᠦᠲᠡᠨ ᠤ ᠠᠰᠠᠭᠤᠳᠠᠯ ᠤᠨ ᠪᠣᠳᠠᠲᠤ | ᠪᠠᠶᠢᠳᠠᠯ ᠲᠠᠢ ᠪᠦᠲᠦᠭᠡᠯᠴᠢ ᠪᠠᠷ ᠬᠠᠷᠢᠯᠴᠡᠨ ᠤᠶᠠᠯᠳᠤᠭᠤᠯᠵᠤ᠂ ᠦᠨᠳᠦᠰᠦᠲᠡᠨ ᠤ ᠡᠷᠬᠡ ᠲᠡᠭᠰᠢ᠂ ᠦᠨᠳᠦᠰᠦᠲᠡᠨ ᠤ | ᠪᠦᠯᠬᠦᠮᠳᠡᠯ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ | ᠬᠥᠭᠵᠢᠬᠦ ᠪᠠᠷ ᠭᠤᠣᠯ ᠠᠭᠤᠯᠭ᠎ᠠ ᠪᠣᠯᠭᠠᠭᠰᠠᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ | ᠲᠣᠭᠲᠠᠭᠠᠵᠤ᠂ ᠦᠨᠳᠦᠰᠦᠲᠡᠨ ᠨᠦᠭᠦᠳ ᠨᠡᠶᠢᠭᠡᠮ ᠵᠢᠷᠤᠮ ᠤᠨ ᠪᠠᠶᠢᠭᠤᠯᠤᠯ ᠤᠨ ᠳᠣᠣᠷ᠎ᠠ ᠵᠢᠩᠬᠢᠨᠢ ᠤᠳᠭ᠋᠎ᠠ ᠠᠭᠤᠯᠭ᠎ᠠ | ᠳᠡᠭᠡᠷᠡᠬᠢ ᠡᠷᠬᠡ ᠲᠡᠭᠰᠢ ᠪᠦᠯᠬᠦᠮᠳᠡᠯ ᠲᠠᠪᠰᠢᠯᠳᠠ ᠶᠢ ᠪᠡᠶᠡᠯᠡᠭᠦᠯᠪᠡ᠃ ᠮᠠᠨ ᠤ ᠦᠨᠳᠦᠰᠦᠲᠡᠨ ᠤ ᠲᠤᠬᠠᠢ ᠤᠨᠤᠯ ᠪᠠ | ᠲᠦᠷᠦ ᠶᠢᠨ ᠪᠤᠳᠤᠯᠭ᠎ᠠ ᠪᠣᠯ ᠰᠠᠶᠢᠨ ᠪᠥᠭᠡᠳ ᠲᠤᠰᠠᠲᠠᠢ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ | ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠤᠨᠤᠯ ᠢ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠰᠠᠭᠤᠷᠢ ᠴᠢᠨᠠᠷᠲᠠᠢ ᠠᠰᠠᠭᠤᠳᠠᠯ ᠤᠨ ᠰᠤᠳᠤᠯᠭᠠᠨ ᠢ ᠠᠬᠢᠭᠤᠯᠬᠤ ᠬᠡᠷᠡᠭᠲᠡᠢ᠃ | ᠦᠨᠳᠦᠰᠦᠲᠡᠨ ᠨᠦᠭᠦᠳ ᠶᠡᠭᠡ ᠪᠠᠷ ᠪᠦᠯᠬᠦᠮᠳᠡᠭᠰᠡᠨ ᠳᠤᠮᠳᠠᠳᠤ ᠤᠯᠤᠰ ᠯᠠᠪᠲᠠᠢ ᠬᠠᠨᠳᠤᠭᠰᠠᠨ ᠵᠦᠭ ᠲᠤ ᠢᠯᠠᠭᠳᠠᠰᠢ ᠦᠭᠡᠢ | ᠪᠠᠶᠢᠵᠤ᠂ ᠯᠠᠪᠲᠠᠢ ᠭᠡᠭᠡᠨ ᠰᠠᠷᠠᠭᠤᠯ ᠢᠷᠡᠭᠡᠳᠦᠢ ᠲᠠᠢ ᠪᠠᠶᠢᠵᠤ᠂ ᠮᠠᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ | ᠯᠠᠪᠲᠠᠢ ᠢᠯᠠᠯᠲᠠ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠬᠦᠷᠴᠦ ᠢᠷᠡᠬᠦ | ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠦᠨ ᠢ ᠬᠥᠮᠦᠵᠢᠭᠦᠯᠬᠦ ᠶᠢᠨ ᠦᠨᠳᠦᠰᠦ ᠨᠢ ᠶᠣᠰᠣ ᠰᠤᠷᠲᠠᠬᠤᠨ ᠢ ᠪᠤᠢ ᠪᠣᠯᠭᠠᠬᠤ ᠳᠤ ᠪᠤᠢ᠃ | ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ | ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ᠃ ᠳᠠᠪᠠᠭᠤᠯᠢᠭ ᠣᠨᠴᠠᠯᠢᠭ ᠢᠶᠠᠨ ᠳᠣᠪᠣᠶᠢᠯᠭᠠᠵᠤ᠂ ᠥᠨᠳᠥᠷ ᠲᠦᠪᠰᠢᠨ | ᠪᠥᠬᠦᠶ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠰᠢᠨᠵᠢᠶᠠᠩ ᠶᠡᠭᠡ ᠰᠤᠷᠭᠠᠭᠤᠯᠢ ᠶᠢᠨ ︽ᠬᠤᠤᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢᠨ | ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠰᠤᠷᠤᠭᠴᠢᠳ ᠲᠠᠭᠠᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠲᠥᠯᠥᠭᠡ ᠴᠢᠷᠮᠠᠶᠢᠨ | ᠲᠡᠮᠡᠴᠡᠬᠦ ᠨᠢᠭᠡᠨ ᠦᠶ᠎ᠡ ᠶᠢᠨ ᠵᠠᠯᠠᠭᠤᠴᠤᠳ ᠪᠣᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠰᠢ ᠶᠢᠨ ᠫᠢᠩ ᠦᠷᠦᠮᠴᠢ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠲᠣᠭᠤᠷᠢᠭ ᠲᠤ | ᠬᠦᠷᠴᠦ᠂ ᠬᠤᠯᠪᠣᠭᠳᠠᠯ ᠪᠥᠬᠦᠶ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ︵ᠦᠷᠦᠮᠴᠢ︶ ᠶᠢᠨ ᠲᠦᠪᠯᠡᠷᠡᠨ ᠴᠤᠬᠯᠠᠷᠠᠬᠤ ᠲᠥᠪ ᠤᠨ ᠡᠯ᠎ᠡ ᠴᠢᠳᠠᠮᠵᠢᠲᠤ ᠣᠷᠣᠨ ᠪᠣᠯᠤᠨ ᠠᠯᠠᠭ | ᠠᠭᠤᠯᠠ ᠶᠢᠨ ᠠᠮᠠᠨ ᠪᠣᠭᠤᠮᠲᠠ᠂ ᠬᠤᠷᠭᠤᠰ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ ᠠᠵᠢᠯ ᠤᠨ ᠪᠠᠶᠢᠳᠠᠯ ᠢ | ᠲᠤᠬᠠᠶ ᠶᠢᠨ ᠴᠠᠭ ᠤᠨ ᠵᠢᠷᠤᠭ ᠲᠦᠷᠰᠦ ᠪᠠᠷ ᠪᠠᠶᠢᠴᠠᠭᠠᠨ ᠦᠵᠡᠭᠰᠡᠨ ᠪᠥᠭᠡᠳ ᠲᠡᠮᠦᠷ ᠵᠠᠮ ᠤᠨ ᠪᠠᠷᠠᠭᠠᠨ ᠤ | ᠲᠡᠭᠡᠭᠡᠪᠦᠷᠢ ᠶᠢᠨ ᠴᠤᠩᠬᠤᠪᠴᠢ ᠶᠢᠨ ᠠᠵᠢᠯᠲᠠᠨ ᠵᠢᠴᠢ ᠲᠤᠬᠠᠶ ᠶᠢᠨ ᠲᠠᠯᠠᠪᠠᠶ ᠶᠢᠨ ᠠᠵᠢᠯᠲᠡᠳ ᠲᠠᠢ ᠳᠣᠲᠣᠨᠣ ᠪᠠᠷ | ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠤᠨ ᠭᠠᠳᠠᠭᠠᠳᠤ ᠨᠡᠬᠡᠬᠡᠯᠳᠡ ᠪᠠᠨ ᠥᠷᠭᠡᠳᠭᠡᠬᠦ᠂ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠵᠡᠷᠭᠡ ᠠᠵᠢᠯ ᠢ | ᠭᠦᠨᠵᠡᠭᠡᠢ ᠠᠬᠢᠭᠤᠯᠬᠤ ᠶᠢ ᠳᠠᠭᠠᠯᠳᠤᠨ᠂ ᠰᠢᠨᠵᠢᠶᠠᠩ ᠬᠠᠷᠢᠴᠠᠩᠭᠤᠢ ᠲᠦᠭᠵᠢᠮᠡᠯ ᠳᠣᠲᠣᠭᠠᠳᠤ ᠬᠠᠭᠤᠷᠠᠢ | ᠪᠠᠶᠢᠭᠰᠠᠨ ᠠᠴᠠ ᠪᠠᠨ ᠭᠠᠳᠠᠭᠠᠳᠤ ᠨᠡᠬᠡᠬᠡᠯᠳᠡ ᠶᠢᠨ ᠡᠮᠦᠨ᠎ᠡ ᠹᠷᠣᠨᠲ ᠪᠤᠯᠤᠨ ᠬᠤᠪᠢᠷᠠᠵᠠᠢ᠂ ᠲᠣᠷᠭᠠᠨ ᠵᠠᠮ ᠤᠨ ᠠᠵᠤ | ᠠᠬᠤᠢ ᠶᠢᠨ ᠪᠦᠰᠡ ᠶᠢᠨ ᠭᠤᠣᠯ ᠣᠷᠣᠨ ᠤ ᠪᠦᠳᠦᠬᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠶᠠᠩ ᠤᠨ ᠣᠷᠣᠨ | ᠪᠦᠰᠡ ᠶᠢᠨ ᠴᠢᠨᠠᠷᠲᠠᠢ ᠨᠡᠬᠡᠬᠡᠯᠳᠡ ᠶᠢᠨ ᠪᠠᠶᠢᠯᠳᠤᠬᠤ ᠪᠤᠳᠤᠯᠭ᠎ᠠ ᠶᠢ ᠤᠯᠤᠰ ᠤᠨ ᠪᠠᠷᠠᠭᠤᠨᠰᠢ ᠨᠡᠬᠡᠬᠡᠯᠳᠡ ᠬᠢᠬᠦ ᠶᠡᠷᠦᠩᠬᠡᠢ | ᠪᠠᠶᠢᠷᠢᠰᠢᠭᠤᠯᠤᠯᠲᠠ ᠳᠤ ᠣᠷᠣᠭᠤᠯᠵᠤ᠂ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠪᠠᠶᠢᠭᠤᠯᠤᠮᠵᠢ ᠶᠢᠨ ᠰᠢᠨ᠎ᠡ ᠶᠢ | ᠡᠭᠦᠳᠴᠦ᠂ ᠭᠠᠳᠠᠭᠠᠳᠤ ᠨᠡᠬᠡᠬᠡᠯᠳᠡ ᠶᠢᠨ ᠶᠡᠭᠡ ᠵᠠᠮ ᠢ ᠲᠦᠷᠭᠡᠨ ᠪᠦᠳᠦᠬᠡᠨ ᠪᠠᠶᠢᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠶᠢᠲᠤᠷ ᠠᠰᠢᠭᠯᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ | ᠶᠢᠨ ᠫᠢᠩ ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠳᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ︽ᠡᠪᠡᠳᠴᠢᠨ ᠤ | ᠵᠢᠱᠶᠶ᠎ᠡ ᠶᠢ ᠦᠭᠡᠢ ᠪᠤᠯᠭᠠᠬᠤ︾ ᠶᠢ ᠪᠠᠷᠢᠮᠲᠠᠯᠠᠵᠤ᠂ ᠬᠢᠵᠢᠭ ᠢ ᠰᠡᠷᠭᠡᠶᠢᠯᠡᠬᠦ ᠠᠵᠢᠯ ᠢ ᠨᠠᠷᠢᠯᠢᠭ ᠣᠨᠣᠴᠠᠲᠠᠶ ᠪᠠᠶᠢᠯᠭᠠᠬᠤ ᠪᠠᠷ | ᠴᠢᠷᠮᠠᠶᠢᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠵᠠᠬᠢᠪᠠ᠃ | 13 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ ᠬᠤᠳᠠ ᠶᠢᠨ ᠲᠢᠶᠠᠨᠱᠠᠨ ᠲᠣᠭᠤᠷᠢᠭ ᠤᠨ ᠭᠦ᠋ ᠶᠤᠸᠠᠨ | ᠭᠤᠳᠤᠮᠵᠢ ᠶᠢᠨ ᠨᠡᠶᠢᠭᠡᠮ ᠲᠣᠭᠤᠷᠢᠭ ᠲᠤ ᠬᠦᠷᠪᠡ᠃ ᠲᠤᠰ ᠨᠡᠶᠢᠭᠡᠮ ᠲᠣᠭᠤᠷᠢᠭ ᠤᠨ ᠴᠥᠭᠡᠨ ᠲᠣᠭᠠᠲᠤ ᠦᠨᠳᠦᠰᠦᠲᠡᠨ ᠤ | ᠰᠠᠭᠤᠭᠠᠯᠢ ᠠᠷᠠᠳ 95% ᠠᠴᠠ ᠳᠡᠭᠡᠭᠰᠢᠬᠢ ᠶᠢ ᠡᠵᠡᠯᠡᠨ᠎ᠡ᠃ ᠰᠢ ᠶᠢᠨ ᠫᠢᠩ ᠨᠠᠮ ᠪᠠ ᠣᠯᠠᠨ ᠲᠦᠮᠡᠨ ᠤ | ᠦᠶᠯᠡᠴᠢᠯᠡᠭᠡᠨ ᠤ ᠲᠥᠪ ᠤᠨ ᠶᠡᠭᠡ ᠲᠢᠩᠬᠢᠮ᠂ ᠬᠠᠶᠢᠷ᠎ᠠ ᠬᠠᠯᠠᠮᠵᠢ ᠶᠢᠨ ᠬᠡᠷ᠂ ᠪᠥᠵᠢᠭ ᠤᠨ ᠲᠠᠰᠤᠭ᠂ ᠪᠠᠭᠠᠴᠤᠳ | ᠬᠡᠦᠬᠡᠳ ᠤᠨ ᠤᠩᠰᠢᠯᠭ᠎ᠠ ᠶᠢᠨ ᠲᠠᠰᠤᠭ ᠲᠤ ᠣᠷᠣᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ | ᠶᠠᠷᠢᠯᠴᠠᠪᠠ᠃ ᠰᠢ ᠶᠢᠨ ᠫᠢᠩ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠮᠡᠳᠡᠯᠭᠡ ᠶᠢᠨ ᠲᠤᠬᠠᠢ ᠬᠡᠤᠬᠡᠳ ᠤᠨ | ᠲᠣᠭᠯᠠᠯᠲᠠ ᠶᠢ ᠮᠠᠰᠢ ᠤᠷᠮ᠎ᠠ ᠪᠠᠭ᠋ᠠᠲᠠᠢ ᠰᠣᠨᠢᠷᠬᠠᠪᠠ᠂ ᠲᠡᠷᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠬᠥᠮᠦᠵᠢᠯ ᠢ ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ | ᠠᠶᠠᠨᠳᠠᠭᠠᠨ ᠨᠦᠯᠦᠭᠡᠯᠡᠬᠦ᠂ ᠰᠤᠨᠤᠰᠤᠨ ᠰᠤᠨᠤᠰᠤᠭᠰᠠᠭᠠᠷ ᠬᠠᠳᠠᠩᠰᠢᠵᠤ ᠦᠵᠡᠨ ᠦᠵᠡᠭᠰᠡᠭᠡᠷ ᠡᠨᠡᠭᠰᠢᠬᠦ ᠨᠢ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠰᠠᠭᠤᠷᠢ ᠶᠢ ᠪᠠᠬᠢᠵᠢᠭᠦᠯᠬᠦ ᠳᠤ ᠠᠰᠢᠭᠲᠠᠢ ᠶᠤᠮ ᠭᠡᠵᠦ ᠵᠢᠭᠠᠵᠤ | ᠭᠠᠷᠭᠠᠪᠠ᠃ ᠤᠶᠢᠭᠤᠷ ᠦᠨᠳᠦᠰᠦᠲᠡᠨ ᠤ ᠰᠠᠭᠤᠭᠠᠯᠢ ᠠᠷᠠᠳ ᠠᠪᠯᠠᠶᠢᠲ · ᠲᠦᠷᠧᠰᠤᠨ ᠤ ᠭᠡᠷ ᠲᠤ᠂ ᠰᠢ ᠶᠢᠨ ᠫᠢᠩ | ᠵᠣᠴᠢᠨ ᠤ ᠲᠢᠩᠬᠢᠮ᠂ ᠤᠨᠲᠠᠯᠭ᠎ᠠ ᠶᠢᠨ ᠦᠷᠦᠭᠡ᠂ ᠲᠣᠭᠤᠭᠠᠨ ᠭᠡᠷ ᠵᠡᠷᠭᠡ ᠶᠢ ᠨᠠᠷᠢᠨ ᠪᠠᠶᠢᠴᠠᠭᠠᠨ ᠦᠵᠡᠵᠦ᠂ ᠭᠡᠷ ᠤᠨ | ᠬᠥᠮᠦᠰ ᠲᠠᠢ ᠨᠢ ᠬᠠᠮᠲᠤ ᠰᠠᠭᠤᠵᠤ ᠵᠣᠭᠤᠭᠳᠠᠪᠠ᠃ ᠰᠢ ᠶᠢᠨ ᠫᠢᠩ᠂ ᠦᠨᠳᠦᠰᠦᠲᠡᠨ ᠤ ᠪᠦᠯᠬᠦᠮᠳᠡᠯ ᠪᠣᠯ ᠮᠠᠨ ᠤ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠰᠢᠨᠵᠢᠶᠠᠩ ᠤᠨ ᠡᠯ᠎ᠠ | ᠦᠨᠳᠦᠰᠦᠲᠡᠨ ᠪᠣᠯ ᠴᠦᠮ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠰᠠᠯᠵᠤ ᠪᠣᠯᠤᠰᠢ ᠦᠭᠡᠢ | ᠪᠦᠷᠢᠯᠳᠦᠬᠦᠨ ᠮᠥᠨ᠂ ᠲᠦᠪᠰᠢᠷᠡᠨ ᠪᠦᠯᠬᠦᠮᠳᠡᠭᠰᠡᠨ ᠶᠡᠭᠡ ᠰᠠᠶᠢᠨ ᠪᠠᠶᠢᠳᠠᠯ ᠢ ᠣᠨᠴᠠᠭᠠᠢ ᠨᠠᠨᠳᠢᠩᠨᠠᠵᠤ᠂ 56 | ᠦᠨᠳᠦᠰᠦᠲᠡᠨ ᠪᠦᠯᠬᠦᠮᠳᠡᠨ ᠨᠢᠭᠲᠠᠷᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ | ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠲᠡᠮᠡᠴᠡᠵᠦ᠂ ᠨᠠᠮ ᠤᠨ ᠤᠳᠤᠷᠢᠳᠤᠯᠭ᠎ᠠ ᠳᠣᠣᠷ᠎ᠠ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠬᠡᠷᠡᠭᠲᠡᠢ | ᠭᠡᠵᠦ ᠴᠢᠬᠤᠯᠠᠴᠢᠯᠠᠪᠠ᠃ ᠰᠢ ᠶᠢᠨ ᠫᠢᠩ᠂ ᠨᠡᠶᠢᠭᠡᠮ ᠲᠣᠭᠤᠷᠢᠭ ᠤᠨ ᠠᠵᠢᠯ ᠲᠦᠭ ᠲᠦᠮᠡᠨ ᠠᠶᠢᠯ ᠡᠷᠦᠬᠡ ᠲᠠᠢ | ᠬᠤᠯᠪᠤᠬᠳᠠᠵᠤ ᠪᠠᠶᠢᠳᠠᠭ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠢᠯ ᠤᠨ ᠭᠤᠤᠯᠳᠠᠯᠭ᠎ᠠ ᠪᠠᠨ ᠦᠨᠳᠦᠰᠦᠨ | ᠱᠠᠲᠤᠨ ᠳᠤ ᠲᠠᠯᠪᠢᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠪᠤᠳᠤᠵᠤ ᠬᠦᠰᠡᠵᠤ ᠪᠠᠶᠢᠭ᠎ᠠ ᠵᠦᠢᠯ ᠲᠠᠢ | ᠨᠢᠭᠲᠠ ᠤᠶᠠᠯᠳᠤᠭᠤᠯᠵᠤ᠂ ᠣᠯᠠᠨ ᠢ ᠬᠠᠪᠰᠤᠷᠤᠨ ᠰᠠᠶᠢᠨ ᠶᠠᠪᠤᠳᠠᠯ ᠬᠢᠵᠦ᠂ ᠪᠣᠳᠠᠲᠤ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠶᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠬ᠎ᠠ ᠳᠡᠭᠦᠦ ᠮᠡᠲᠦ ᠳᠣᠲᠣᠨᠣ | ᠪᠠᠶᠢᠬᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠰᠠᠶᠢᠨ ᠰᠠᠶᠢᠬᠠᠨ ᠬᠡᠷ ᠣᠷᠣᠨ ᠢᠶᠠᠨ | ᠬᠠᠮᠲᠤ ᠪᠠᠷ ᠪᠥᠲᠥᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠬᠤ ᠬᠡᠷᠡᠭᠲᠡᠶ ᠭᠡᠵᠦ ᠵᠢᠭᠠᠵᠤ | ᠭᠠᠷᠭᠠᠪᠠ᠃ | ᠨᠡᠶᠢᠭᠡᠮ ᠲᠣᠭᠤᠷᠢᠭ ᠠᠴᠠ ᠠᠶᠠᠷᠯᠠᠨ ᠰᠠᠯᠬᠤ ᠦᠶ᠎ᠡ ᠳᠤ᠂ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠦᠭᠰᠡᠨ | ᠦᠨᠳᠦᠰᠦᠲᠡᠨ ᠨᠦᠭᠦᠳ ᠤᠨ ᠤᠯᠠᠨ ᠲᠦᠮᠡᠨ ᠳᠠᠭᠤᠯᠠᠨ ᠪᠥᠵᠢᠭᠯᠡᠵᠡᠬᠡᠵᠦ᠂ ᠶᠡᠷᠦᠩᠬᠡᠢ ᠱᠦᠵᠢ ᠳᠤ ᠴᠢᠩ ᠰᠡᠳᠭᠢᠯ ᠤᠨ | ᠬᠠᠶᠢᠷ᠎ᠠ ᠬᠦᠨᠳᠦᠳᠭᠡᠯ ᠢᠶᠠᠨ ᠳᠡᠪᠰᠢᠭᠦᠯᠪᠡ᠃ ᠰᠢ ᠶᠢᠨ ᠫᠢᠩ ᠤᠯᠠᠨ ᠤ ᠠᠵᠢᠯ ᠦᠢᠯᠡᠰ ᠬᠥᠭᠵᠢᠨ ᠮᠠᠨᠳᠤᠵᠤ᠂ ᠠᠮᠢᠳᠤᠷᠠᠯ | ᠤᠯᠠᠮ ᠠᠴᠠ ᠤᠯᠠᠮ ᠵᠣᠯ ᠵᠢᠷᠭᠠᠯ ᠲᠠᠢ ᠪᠣᠯᠬᠤ ᠶᠢ ᠵᠥᠩᠨᠡᠪᠡ᠃ | ᠲᠠᠷᠠᠭ᠎ᠠ ᠨᠢ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠮᠦᠽᠧᠢ ᠳᠤ | ᠬᠦᠷᠴᠦ᠂ ︽ᠰᠢᠨᠵᠢᠶᠠᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ︾ ᠢ ᠲᠣᠭᠤᠷᠢᠨ ᠦᠵᠡᠵᠦ᠂ | ᠦᠨᠳᠦᠰᠦᠲᠡᠨ ᠤ ᠲᠤᠤᠯᠢ ︽ᠮᠠᠨᠠᠰ︾ ᠤᠨ ᠬᠠᠶᠢᠯᠠᠬᠤ ᠦᠵᠡᠭᠦᠯᠭᠡ ᠶᠢ ᠰᠣᠨᠢᠷᠬᠠᠭᠰᠠᠨ ᠪᠥᠭᠡᠳ ︽ᠮᠠᠨᠠᠰ︾ ᠤᠨ | ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ | ᠳᠤᠮᠳᠠᠳᠤ ᠶᠢᠨ ᠪᠣᠯᠪᠠᠰᠤᠨ ᠥᠷᠭᠡᠨ ᠳᠡᠯᠭᠡᠷ ᠭᠦᠨ ᠭᠦᠨᠵᠡᠭᠡᠢ᠂ ᠥᠨᠢ ᠤᠳᠠᠭᠠᠨ ᠲᠡᠤᠬᠡ ᠲᠠᠢ᠂ | ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠤᠨ ᠤᠷᠤᠰᠬᠠᠯ ᠤᠳ ᠢᠶᠠᠷ ᠨᠡᠶᠢᠯᠡᠵᠤ ᠪᠦᠷᠢᠯᠳᠦᠭᠰᠡᠨ ᠶᠤᠮ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠤᠯᠠᠨ ᠡᠰᠢᠳᠤ | ᠨᠢᠭᠡ ᠴᠣᠭᠴᠠᠵᠢᠭᠰᠠᠨ ᠪᠠᠶᠢᠷᠢᠰᠢᠯ ᠤᠨ ᠰᠤᠳᠤᠯᠭᠠᠨ ᠢ ᠴᠢᠩᠭᠠᠳᠬᠠᠵᠤ᠂ ᠰᠢᠨᠵᠢᠶᠠᠩ ᠤᠨ ᠦᠨᠳᠦᠰᠦᠲᠡᠨ ᠨᠦᠭᠦᠳ ᠤᠨ | ᠶᠠᠪᠤᠯᠴᠠᠭ᠎ᠠ ᠶᠢᠨ ᠲᠡᠦᠬᠡᠨ ᠪᠣᠳᠠᠲᠤ ᠶᠠᠪᠤᠳᠠᠯ᠂ ᠬᠠᠭᠤᠴᠢ ᠰᠤᠳᠤᠯᠤᠯ ᠤᠨ ᠡᠳ᠋ ᠪᠣᠳᠠᠰ᠂ ᠰᠣᠶᠣᠯ ᠤᠨ ᠦᠯᠡᠳᠡᠭᠳᠡᠯ ᠢ | ᠭᠦᠢᠴᠡᠳ ᠠᠭᠤᠳᠠᠯᠤᠨ ᠪᠦᠲᠦᠮᠵᠢᠲᠡᠢ ᠠᠰᠢᠭᠯᠠᠬᠤ ᠬᠡᠷᠡᠭᠳᠡᠢ᠂ ᠰᠢᠨᠵᠢᠶᠠᠩ ᠪᠣᠯ ᠡᠷᠲᠡᠨ ᠠᠴᠠ ᠪᠠᠨ ᠠᠪᠤᠭᠠᠳ ᠮᠠᠨ ᠤ | ᠤᠯᠤᠰ ᠤᠨ ᠰᠠᠯᠵᠤ ᠪᠣᠯᠤᠰᠢ ᠦᠭᠡᠢ ᠨᠢᠭᠡ ᠬᠡᠰᠡᠭ ᠪᠠ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ | ᠣᠷᠣᠨ ᠮᠥᠨ᠂ ᠰᠢᠨᠵᠢᠶᠠᠩ ᠤᠨ ᠦᠨᠳᠦᠰᠦᠲᠡᠨ ᠨᠦᠭᠦᠳ ᠪᠣᠯ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ | ᠴᠢᠰᠤ ᠮᠢᠬᠠᠨ ᠤ ᠪᠠᠷᠢᠯᠳᠤᠯᠭ᠎ᠠ ᠲᠠᠢ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠴᠢᠬᠤᠯᠠ ᠪᠦᠷᠢᠯᠳᠦᠬᠦᠨ ᠮᠥᠨ ᠭᠡᠳᠡᠭ ᠢ | ᠲᠣᠳᠣᠷᠬᠠᠢ ᠲᠠᠶᠢᠯᠪᠤᠷᠢᠯᠠᠬᠤ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ | ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ | ᠭᠡᠵᠤ ᠵᠢᠭᠠᠵᠤ ᠭᠠᠷᠭᠠᠵᠠᠢ᠃ | 13 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠨᠠᠢᠮᠠᠳᠤᠭᠠᠷ ᠳ᠋ᠢᠸᠢᠽᠢ ᠶᠢᠨ ᠱᠢ ᠾᠧ ᠽᠢ ᠬᠤᠳᠠ ᠳᠤ ᠬᠦᠷᠴᠦ᠂ ᠰᠢᠨᠵᠢᠶᠠᠩ ᠤᠨ ᠪᠢᠩᠲ᠋ᠤᠸᠠᠨ ᠤ | ᠴᠡᠷᠢᠭ ᠤᠨ ᠠᠲᠠᠷ ᠬᠠᠭᠠᠯᠪᠤᠷᠢᠯᠠᠯᠲᠠ ᠶᠢᠨ ᠮᠦᠽᠧᠢ ᠪᠠᠷ ᠲᠣᠭᠤᠷᠢᠨ ᠦᠵᠡᠪᠡ᠃ ᠮᠦᠽᠧᠶ ᠶᠢᠨ ᠨᠢᠭᠡᠳᠦᠭᠡᠷ | ᠳᠠᠪᠬᠤᠷᠯᠢᠭ ᠤᠨ ᠶᠡᠭᠡ ᠲᠢᠩᠬᠢᠮ ᠳᠤ᠂ ᠰᠢ ᠶᠢᠨ ᠫᠢᠩ ᠪᠢᠩᠲ᠋ᠤᠸᠠᠨ ᠤ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ | ᠪᠥᠲᠥᠭᠡᠨ ᠪᠠᠶᠢᠭᠤᠯᠤᠭᠴᠢᠳ ᠤᠨ ᠲᠥᠯᠥᠭᠡᠯᠡᠭᠴᠢᠤᠨ ᠲᠠᠢ ᠠᠭᠤᠯᠵᠠᠪᠠ᠃ ᠲᠡᠷᠡ᠂ ᠰᠢᠨᠵᠢᠶᠠᠩ ᠤᠨ ᠦᠢᠯᠡᠳᠪᠦᠷᠢᠯᠡᠯ | ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠰᠢᠨᠵᠢᠶᠠᠩ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠤᠯᠤᠰ ᠤᠨ ᠬᠢᠯᠢ ᠶᠢᠨ ᠬᠠᠮᠠᠭᠠᠯᠠᠯᠲᠠ ᠶᠢ | ᠪᠠᠬᠢᠵᠢᠭᠦᠯᠬᠦ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ ᠪᠢᠩᠲ᠋ᠤᠸᠠᠨ ᠤ ᠬᠥᠮᠦᠰ ᠤᠨ ᠱᠤᠭᠤᠭᠰᠠᠨ ᠡᠬᠡ | ᠤᠯᠤᠰ ᠢᠶᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠪᠤᠰᠬᠠᠬᠤ᠂ ᠵᠠᠮ | ᠨᠡᠭᠡᠭᠡᠨ ᠤᠷᠤᠭᠰᠢᠯᠠᠬᠤ ᠪᠢᠩᠲ᠋ᠤᠸᠠᠨ ᠤ ᠵᠣᠷᠢᠭ ᠰᠠᠨᠠᠭ᠎ᠠ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ | ᠰᠠᠨᠠᠭᠠᠨ ᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠳᠡᠭᠡᠷ ᠡᠷᠬᠢᠮ ᠨᠠᠨᠳᠢᠨ ᠦᠪ ᠬᠦᠷᠦᠩᠬᠡ ᠶᠢ | ᠰᠠᠶᠢᠲᠤᠷ ᠬᠡᠷᠡᠭᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠳᠠᠷᠠᠭ᠎ᠠ ᠨᠢ᠂ ᠰᠢ ᠶᠢᠨ ᠫᠢᠩ ᠲᠡᠷᠭᠡᠨ ᠳᠤ ᠰᠠᠭᠤᠵᠤ ᠨᠠᠢᠮᠠᠳᠤᠭᠠᠷ ᠳ᠋ᠢᠸᠢᠽᠢ ᠶᠢᠨ 143 ᠳ᠋ᠤᠭᠠᠷ ᠬᠤᠷᠢᠶ᠎ᠠ ᠳᠤ | ᠬᠦᠷᠴᠦ ᠰᠢᠨᠵᠢᠯᠡᠨ ᠪᠠᠶᠢᠴᠠᠭᠠᠪᠠ᠃ ᠲᠠᠷᠢᠶᠠᠯᠠᠩ ᠤᠨ ᠨᠢᠭᠡᠳᠦᠭᠡᠷ ᠰᠤᠮᠤ ᠶᠢᠨ ᠬᠥᠪᠥᠩ ᠳᠠᠷᠢᠬᠤ ᠰᠠᠭᠤᠷᠢᠨ ᠳᠤ᠂ ᠰᠢ ᠶᠢᠨ | ᠫᠢᠩ ᠲᠠᠷᠢᠶᠠᠨ ᠭᠠᠵᠠᠷ ᠲᠤ ᠬᠦᠷᠴᠦ᠂ ᠬᠥᠪᠥᠩ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠶᠠᠨ ᠠᠵᠢᠯ | ᠬᠢᠵᠤ ᠪᠠᠶᠢᠭᠰᠠᠨ ᠲᠠᠷᠢᠶᠠᠴᠢᠨ᠂ ᠲᠠᠷᠢᠶᠠᠯᠠᠩ ᠤᠨ ᠮᠡᠷᠭᠡᠵᠢᠯᠲᠡᠨ ᠠᠴᠠ ᠬᠥᠪᠥᠩ ᠳᠠᠷᠢᠬᠤ᠂ ᠪᠣᠷᠣᠯᠠᠭᠤᠯᠬᠤ ᠪᠠ ᠬᠡᠷ | ᠪᠦᠯᠢ ᠶᠢᠨ ᠣᠷᠣᠯᠭ᠎ᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠶᠢᠰᠦᠳᠦᠭᠡᠷ ᠰᠤᠮᠤ ᠶᠢᠨ ᠲᠤᠭᠤᠷ ᠤᠨ ᠬᠦᠷᠢᠶᠡᠯᠡᠩ ᠳᠤ᠂ | ᠰᠢ ᠶᠢᠨ ᠫᠢᠩ ᠡᠳᠡᠭᠡᠷ ᠵᠢᠯ ᠤᠳ ᠲᠤ ᠰᠤᠮᠤᠨ ᠠᠩᠬᠢ ᠠᠴᠠ ᠠᠵᠢᠯᠳᠠᠨ ᠠᠵᠢᠯᠴᠢᠨ ᠤ ᠲᠠᠷᠢᠵᠤ ᠲᠡᠵᠢᠭᠡᠬᠦ ᠦᠢᠯᠡᠰ᠂ ᠠᠮᠢ | ᠠᠬᠤᠢ ᠶᠢᠨ ᠵᠢᠭᠤᠯᠴᠢᠯᠠᠯ ᠪᠣᠯᠤᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ | ᠳᠡᠮᠵᠢᠵᠦ᠂ ᠠᠵᠢᠯᠳᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠦᠭᠰᠡᠨ ᠠᠷᠭ᠎ᠠ ᠬᠢᠳᠡᠯ ᠢ ᠮᠠᠭᠲᠠᠨ ᠰᠠᠶᠢᠰᠢᠶᠠᠪᠠ᠃ ᠰᠢ | ᠶᠢᠨ ᠫᠢᠩ᠂ ᠪᠢᠩᠲ᠋ᠤᠸᠠᠨ ᠤ ᠲᠠᠷᠢᠶᠠᠯᠠᠩ ᠤᠨ ᠮᠠᠰᠢᠨᠴᠢᠯᠠᠯᠳᠠ ᠶᠢᠨ ᠬᠡᠮᠵᠢᠶ᠎ᠡ ᠥᠨᠳᠥᠷ᠂ ᠲᠠᠷᠢᠶᠠᠯᠠᠩ ᠤᠨ ᠬᠡᠪᠴᠢᠶᠡᠵᠢᠭᠰᠡᠨ | ᠦᠢᠯᠡᠳᠪᠦᠷᠢᠯᠡᠯ᠂ ᠠᠵᠤ ᠦᠢᠯᠡᠰᠵᠢᠭᠰᠡᠨ ᠡᠵᠡᠩᠨᠡᠯᠲᠡ ᠶᠢᠨ ᠨᠥᠬᠦᠴᠡᠯ ᠰᠠᠶᠢᠨ᠂ ᠠᠮᠤ ᠪᠤᠳᠠᠭ᠎ᠠ ᠬᠥᠪᠥᠩ ᠲᠤᠰᠤ᠂ ᠵᠢᠮᠢᠰ | ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠪᠠᠶᠢᠵᠤ᠂ ᠮᠠᠨ ᠤ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ ᠬᠡᠷᠡᠭᠲᠡᠢ᠃ ᠪᠢᠩᠲ᠋ᠤᠸᠠᠨ ᠤ ᠬᠥᠭᠵᠢᠯᠲᠡ ᠶᠢ ᠳᠡᠮᠵᠢᠬᠦ ᠨᠠᠮ ᠤᠨ ᠲᠥᠪ | ᠬᠤᠷᠢᠶᠠᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠢᠩᠲ᠋ᠤᠸᠠᠨ ᠤ ᠳᠠᠪᠠᠭᠤᠯᠢᠭ ᠢ ᠪᠠᠳᠠᠷᠠᠭᠤᠯᠤᠨ᠂ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ | ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ | ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ᠂ ᠮᠠᠯ ᠠᠵᠤ ᠠᠬᠤᠢ ᠲᠠᠷᠢᠶᠠᠯᠠᠩ ᠤᠨ ᠪᠣᠬᠢᠷᠲᠤᠯ ᠦᠭᠡᠢ ᠥᠨᠳᠥᠷ | ᠪᠦᠲᠦᠮᠵᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃ | 143 ᠳ᠋ᠤᠭᠠᠷ ᠬᠤᠷᠢᠶᠠᠨ ᠤ ᠬᠤᠸᠠ ᠶᠤᠸᠠᠨ ᠪᠠᠯᠭᠠᠰᠤᠨ ᠤ ᠠᠭᠤᠳᠠᠮ ᠲᠠᠯᠠᠪᠠᠢ ᠳᠡᠭᠡᠷ᠎ᠡ᠂ ᠰᠢ ᠶᠢᠨ ᠫᠢᠩ | ᠪᠢᠩᠲ᠋ᠤᠸᠠᠨ ᠤ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠪᠢᠩᠲ᠋ᠤᠸᠠᠨ ᠤ ᠪᠠᠶᠢᠯᠳᠤᠬᠤ | ᠪᠤᠳᠤᠯᠭ᠎ᠠ ᠶᠢᠨ ᠦᠢᠯᠡᠳᠦᠯ ᠪᠤᠯ ᠣᠷᠣᠯᠠᠭᠤᠯᠵᠤ ᠪᠣᠯᠤᠰᠢ ᠦᠭᠡᠢ ᠶᠤᠮ᠃ ᠪᠢᠩᠲ᠋ᠤᠸᠠᠨ ᠤ ᠥᠭᠡᠷᠡᠴᠢᠯᠡᠯᠲᠡ ᠶᠢ | ᠲᠦᠷᠭᠡᠳᠭᠡᠨ ᠠᠬᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠤᠳᠠ | ᠬᠥᠳᠡᠭᠡ ᠡᠶ᠎ᠡ ᠵᠣᠬᠢᠴᠠᠩᠭᠤᠢ ᠬᠥᠳᠡᠭᠡ ᠨᠤᠲᠤᠭ ᠤᠨ ᠮᠠᠶ᠋ᠢᠭ ᠤᠨ ᠭᠡᠷ ᠣᠷᠣᠨ ᠢ ᠪᠠᠶᠢᠭᠤᠯᠵᠤ᠂ ᠪᠢᠩᠲ᠋ᠤᠸᠠᠨ ᠤ ᠬᠢᠯᠢ | ᠬᠢᠵᠠᠭᠠᠷ ᠢ ᠠᠮᠤᠷᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠶᠢᠨ ᠲᠣᠭᠲᠠᠪᠤᠷᠢᠵᠢᠭᠤᠯᠤᠭᠴᠢ ᠪᠤᠯᠬᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠢᠭᠲᠠᠷᠠᠭᠤᠯᠬᠤ ᠶᠢᠨ ᠲᠤᠮᠤ ᠵᠤᠤᠬ᠎ᠠ ᠪᠤᠯᠬᠤ᠂ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠪᠣᠯᠤᠨ ᠲᠡᠷᠢᠭᠦᠨ ᠤ ᠰᠣᠶᠣᠯ ᠢ ᠬᠦᠭᠵᠢᠭᠦᠯᠬᠦ ᠶᠢᠨ ᠵᠢᠱᠢᠶ᠎ᠡ ᠦᠵᠡᠭᠦᠯᠬᠦ ᠣᠷᠣᠨ ᠪᠤᠯᠬᠤ | ᠴᠢᠳᠠᠪᠬᠢ ᠪᠣᠯᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠢᠩᠲ᠋ᠤᠸᠠᠨ ᠤ ᠲᠣᠭᠲᠠᠭᠤᠨ ᠢ | ᠬᠠᠮᠠᠭᠠᠯᠠᠵᠤ ᠬᠢᠯᠢ ᠬᠢᠵᠠᠭᠠᠷ ᠢ ᠬᠠᠮᠠᠭᠠᠯᠠᠬᠤ ᠰᠢᠨ᠎ᠡ ᠳᠠᠪᠠᠭᠤᠯᠢᠭ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠤ | ᠴᠢᠬᠤᠯᠠᠴᠢᠯᠠᠪᠠ᠃ | 14 ᠤ ᠡᠳᠦᠷ᠂ ᠰᠢ ᠶᠢᠨ ᠫᠢᠩ ᠲᠦᠷᠫᠠᠨ ᠬᠤᠳᠠ ᠳᠤ ᠬᠦᠷᠴᠤ ᠰᠢᠨᠵᠢᠯᠡᠨ ᠪᠠᠶᠢᠴᠠᠭᠠᠪᠠ᠃ ᠦᠵᠦᠮ ᠤᠨ | ᠭᠤᠤ ᠳᠤ᠂ ᠰᠢ ᠶᠢᠨ ᠫᠢᠩ ᠲᠦᠷᠫᠠᠨ ᠤ ᠤᠨᠴᠠᠯᠢᠬᠳᠤ ᠵᠢᠮᠢᠰ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠢ ᠶᠢᠨ | ᠭᠠᠵᠠᠷ ᠤᠨ ᠤᠨᠴᠠᠯᠢᠬᠳᠤ ᠦᠵᠦᠮ ᠤᠨ ᠠᠵᠤ ᠦᠢᠯᠡᠰ ᠢ ᠬᠥᠭᠵᠢᠭᠦᠯᠵᠦ ᠪᠠᠶᠢᠬᠤ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠲᠦᠷᠫᠠᠨ | ᠦᠵᠡᠰᠭᠦᠯᠡᠩᠲᠦ ᠰᠠᠶᠢᠬᠠᠨ ᠪᠠᠶᠠᠨ ᠲᠠᠩᠰᠤᠭ᠂ ᠭᠤᠸ᠎ᠠ ᠵᠢᠮᠢᠰ ᠤᠨ ᠠᠩᠬᠢᠯᠤᠮ᠎ᠠ ᠦᠨᠦᠷ ᠬᠠᠩᠬᠤᠯᠤᠨ᠎ᠠ᠂ ᠡᠨᠡ ᠪᠣᠯ ᠡᠬᠡ | ᠪᠠᠶᠢᠭᠠᠯᠢ ᠶᠢᠨ ᠰᠤᠶᠤᠷᠬᠠᠯ ᠪᠣᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠰᠣᠶᠣᠯ ᠪᠣᠯᠤᠨ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠭᠵᠢᠬᠦᠯᠬᠦ ᠬᠡᠷᠡᠭᠲᠡᠢ | ᠭᠡᠵᠤ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠭᠤᠤᠴᠠᠩ ᠲᠣᠭᠤᠷᠢᠭ ᠤᠨ ᠶᠠ ᠡᠯ ᠪᠠᠯᠭᠠᠰᠤᠨ ᠤ ᠰᠢᠨ᠎ᠡ ᠬᠤᠳᠠ ᠲᠣᠭᠤᠷᠢᠭ ᠤᠨ | ᠰᠢᠨ᠎ᠡ ᠬᠤᠳᠠ ᠶᠢᠨ ᠰᠢ ᠮᠧᠨ ᠼᠦᠨ ᠲᠣᠰᠬᠤᠨ ᠳᠤ ᠬᠦᠷᠴᠦ᠂ ᠤᠷᠢᠳ ᠬᠤᠵᠢᠳ ᠨᠠᠮ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ | ᠰᠢᠨᠵᠢᠯᠡᠨ ᠪᠠᠶᠢᠴᠠᠭᠠᠪᠠ᠃ ᠲᠣᠰᠬᠤᠨ ᠤ ᠠᠭᠤᠳᠠᠮ ᠲᠠᠯᠠᠪᠠᠢ ᠳᠤ᠂ ᠲᠣᠰᠬᠤᠨ ᠤ ᠠᠷᠠᠳ ᠶᠡᠷᠦᠩᠬᠡᠢ ᠱᠦᠵᠢ ᠶᠢᠨ | ᠢᠷᠡᠭᠰᠡᠨ ᠢ ᠦᠵᠡᠭᠡᠳ ᠪᠠᠶᠠᠷᠯᠠᠨ ᠬᠠᠰᠭᠢᠷᠤᠯᠳᠤᠵᠤ ᠬᠦᠷᠢᠶᠡᠯᠡᠨ ᠢᠷᠡᠵᠤ᠂ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ | ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠢ ᠨᠠᠩ | ᠪᠠᠶᠠᠨ ᠴᠢᠨᠡᠭᠡᠯᠢᠭ᠂ ᠠᠮᠢᠳᠤᠷᠠᠯ ᠢ ᠨᠠᠩ ᠵᠣᠯ ᠵᠢᠷᠭᠠᠯ ᠲᠠᠢ᠂ ᠬᠥᠳᠡᠭᠡ ᠲᠣᠰᠬᠤᠨ ᠢ ᠨᠠᠩ ᠦᠵᠡᠰᠭᠦᠯᠡᠩᠲᠦ ᠰᠠᠶᠢᠬᠠᠨ | ᠪᠣᠯᠭᠠᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃ ᠰᠢ ᠶᠢᠨ ᠫᠢᠩ ᠠᠳᠡᠬᠢ ᠨᠤᠲᠤᠭ ᠤᠨ ᠠᠬ᠎ᠠ ᠳᠡᠭᠦᠦ ᠨᠡᠷ ᠤᠨ ᠠᠮᠢᠳᠤᠷᠠᠯ | ᠡᠳᠦᠷ ᠠᠴᠠ ᠡᠳᠦᠷ ᠥᠭᠡᠳᠡᠯᠡᠵᠦ᠂ ᠬᠡᠦᠬᠡᠳ ᠤᠳ ᠢᠳᠡᠷᠡᠭᠦᠨ ᠢᠶᠠᠷ ᠦᠰᠦᠨ ᠪᠣᠶᠢᠵᠢᠬᠤ ᠶᠢ ᠬᠦᠰᠡᠨ ᠵᠥᠩᠨᠡᠪᠡ᠃ | ᠲᠦᠷᠫᠠᠨ ᠬᠤᠳᠠ ᠳᠤ᠂ ᠰᠢ ᠶᠢᠨ ᠫᠢᠩ ᠪᠠᠰᠠ ᠳᠡᠯᠡᠬᠡᠢ ᠶᠢᠨ ᠰᠣᠶᠣᠯ ᠤᠨ ᠥᠪ ᠪᠤᠯᠬᠤ ᠵᠢᠶᠤᠤ ᠾᠧ ᠶᠢᠨ | ᠬᠠᠭᠤᠴᠢᠨ ᠬᠤᠳᠠ ᠳᠤ ᠰᠢᠨᠵᠢᠯᠡᠨ ᠪᠠᠶᠢᠴᠠᠭᠠᠪᠠ᠃ ᠵᠢᠶᠤᠤ ᠾᠧ ᠶᠢᠨ ᠬᠠᠭᠤᠴᠢᠨ ᠬᠤᠲᠠ ᠪᠣᠯ ᠳᠡᠯᠡᠬᠡᠶ ᠳᠡᠭᠡᠷᠡᠬᠢ | ᠬᠠᠮᠤᠭ ᠤᠨ ᠪᠦᠷᠢᠨ ᠪᠦᠲᠦᠨ᠂ ᠦᠷᠭᠦᠯᠵᠢᠯᠡᠭᠰᠡᠨ ᠴᠠᠭ ᠢᠶᠠᠷ ᠬᠠᠮᠤᠭ ᠤᠨ ᠣᠷᠳᠣ᠂ ᠬᠡᠪᠴᠢᠶ᠎ᠡ ᠪᠠᠷ ᠬᠠᠮᠤᠭ ᠤᠨ ᠶᠡᠭᠡ | ᠲᠦᠭᠦᠬᠡᠶ ᠰᠢᠷᠣᠶ ᠶᠢᠨ ᠪᠦᠲᠦᠴᠡ ᠲᠠᠢ ᠡᠷᠲᠡᠨ ᠤ ᠪᠠᠷᠢᠯᠭ᠎ᠠ ᠶᠢᠨ ᠬᠤᠲᠠ ᠪᠣᠯᠤᠨ᠎ᠠ᠃ ᠰᠢ ᠶᠢᠨ ᠫᠢᠩ᠂ ᠵᠢᠶᠤᠤ ᠾᠧ ᠶᠢᠨ | ᠬᠠᠭᠤᠴᠢᠨ ᠬᠤᠳᠠ ᠪᠣᠯ ᠲᠣᠷᠭᠠᠨ ᠵᠠᠮ ᠤᠨ ᠵᠠᠮ ᠬᠠᠷᠢᠯᠴᠠᠭᠠᠨ ᠤ ᠴᠢᠬᠤᠯᠠ ᠵᠠᠮ ᠮᠥᠨ᠂ ᠳᠤᠮᠳᠠᠳᠤ ᠶᠢᠨ ᠲᠠᠪᠤᠨ ᠮᠢᠩᠭ᠎ᠠ | ᠭᠠᠷᠤᠢ ᠵᠢᠯ ᠤᠨ ᠪᠣᠯᠪᠠᠰᠤᠨ ᠤ ᠲᠡᠦᠬᠡᠨ ᠳᠡᠭᠡᠷᠡᠬᠢ ᠨᠢᠭᠡᠨ ᠴᠢᠬᠤᠯᠠ ᠭᠡᠷᠡᠴᠢ ᠮᠥᠨ᠂ ᠴᠢᠬᠤᠯᠠ ᠲᠡᠦᠬᠡ ᠶᠢᠨ ᠤᠬᠠᠭᠠᠨ ᠤ | ᠦᠨ᠎ᠡ ᠦᠷᠳᠡᠭ ᠲᠠᠢ ᠶᠤᠮ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ ᠳᠤᠮᠳᠠᠳᠤ ᠶᠢᠨ ᠰᠣᠶᠣᠯ ᠤᠨ ᠤᠯᠠᠨ ᠤᠯᠤᠰ ᠲᠠᠬᠢ ᠨᠥᠯᠥᠭᠡᠯᠡᠬᠦ | ᠬᠦᠴᠦᠨ ᠢ ᠲᠠᠰᠤᠷᠠᠯᠳᠠ ᠦᠭᠡᠢ ᠥᠷᠭᠡᠳᠭᠡᠵᠦ᠂ ᠦᠨᠳᠦᠰᠦᠲᠡᠨ ᠤ ᠤᠮᠤᠬᠰᠢᠯᠳᠤ ᠰᠡᠳᠭᠢᠯᠭᠡ᠂ ᠰᠣᠶᠣᠯ ᠤᠨ ᠢᠲᠡᠭᠡᠯ ᠢ | ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃ | 15 ᠤ ᠦᠳᠡ ᠶᠢᠨ ᠡᠮᠦᠨ᠎ᠡ᠂ ᠰᠢ ᠶᠢᠨ ᠫᠢᠩ ᠰᠢᠨᠵᠢᠶᠠᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨᠵᠢᠶᠠᠩ ᠤᠨ ᠡᠯ᠎ᠡ ᠵᠦᠢᠯ ᠤᠨ ᠠᠵᠢᠯ ᠳᠤ ᠣᠯᠤᠭᠰᠠᠨ | ᠠᠮᠵᠢᠯᠲᠠ ᠶᠢ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠥᠷᠭᠡᠨ | ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ | ᠡᠷᠡᠮᠡᠬᠡᠶᠢᠯᠡᠨ ᠤᠷᠤᠭᠰᠢᠯᠠᠵᠤ᠂ ᠰᠢᠨᠵᠢᠶᠠᠩ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢ | ᠬᠦᠰᠡᠪᠡ᠃ | ᠰᠢ ᠶᠢᠨ ᠫᠢᠩ᠂ ᠰᠢᠨᠵᠢᠶᠠᠩ ᠤᠨ ᠠᠵᠢᠯ ᠤᠨ ᠶᠡᠷᠦᠩᠬᠡᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠢ | ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠬᠤ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ | ᠬᠡᠳᠦ ᠶᠢᠨ ᠴᠢᠨᠠᠷᠲᠠᠢ ᠠᠵᠢᠯ ᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ | ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠪᠦᠲᠦᠮᠵᠢᠲᠡᠶ ᠠᠷᠭ᠎ᠠ ᠶᠢ ᠲᠠᠰᠤᠷᠠᠯᠲᠠ ᠥᠬᠡᠶ ᠰᠦᠪᠡᠭᠴᠢᠯᠡᠵᠦ᠂ | ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠳᠡᠭᠡᠷ᠎ᠡ ᠪᠠᠨ | ᠨᠠᠶᠢᠳᠠᠪᠤᠷᠢᠵᠢᠭᠤᠯᠵᠤ᠂ ᠰᠢᠨᠵᠢᠶᠠᠩ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ | ᠃ ᠰᠢᠨᠵᠢᠶᠠᠩ ᠤᠨ ᠤᠷᠳᠤ ᠬᠤᠭᠤᠴᠠᠭᠠᠨ ᠤ ᠲᠣᠭᠲᠠᠭᠤᠨ ᠢ ᠪᠠᠲᠤᠯᠠᠬᠤ ᠳᠤ ᠬᠠᠮᠤᠭ ᠤᠨ ᠴᠢᠬᠤᠯᠠ ᠨᠢ ᠬᠥᠮᠦᠰ ᠤᠨ | ᠰᠡᠳᠭᠢᠯ ᠳᠤ ᠪᠠᠶᠢᠨ᠎ᠠ᠃ ᠪᠦᠯᠬᠦᠮᠳᠡᠨ ᠨᠢᠭᠡᠳᠴᠦ ᠬᠤᠯᠠ ᠶᠢ ᠬᠠᠷᠠᠬᠤ ᠶᠢ ᠪᠠᠷᠢᠮᠲᠠᠯᠠᠵᠤ᠂ ᠥᠷᠭᠡᠨ ᠤᠯᠠᠨ ᠺᠠᠳ᠋ᠷ ᠤᠯᠠᠨ | ᠲᠦᠮᠡᠨ ᠤ ᠲᠣᠭᠲᠠᠭᠤᠨ ᠢ ᠪᠠᠲᠤᠯᠠᠬᠤ᠂ ᠬᠥᠭᠵᠢᠯᠲᠡ ᠶᠢ ᠰᠦᠪᠡᠭᠴᠢᠯᠡᠬᠦ᠂ ᠥᠭᠡᠷᠡᠴᠢᠯᠡᠯᠲᠡ ᠶᠢ ᠠᠬᠢᠭᠤᠯᠬᠤ ᠳᠤᠮᠳᠠᠬᠢ | ᠢᠳᠡᠪᠬᠢ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ | ᠠᠩᠬᠠᠷᠤᠨ ᠰᠣᠨᠣᠰᠬᠤ ᠬᠡᠷᠡᠭᠲᠡᠢ᠃ ᠲᠣᠭᠲᠠᠭᠤᠨ ᠢ ᠬᠠᠮᠠᠭᠠᠯᠠᠬᠤ ᠠᠵᠢᠯ ᠢ ᠬᠠᠤᠯᠢᠵᠢᠭᠤᠯᠤᠨ ᠪᠠᠶᠢᠩᠭᠤᠵᠢᠭᠤᠯᠬᠤ ᠶᠢ | ᠠᠬᠢᠭᠤᠯᠬᠤ ᠬᠡᠷᠡᠭᠲᠡᠢ᠃ ᠤᠯᠠᠨ ᠲᠡᠰ ᠳᠠᠪᠬᠤᠷᠭ᠎ᠠ᠂ ᠪᠦᠬᠦ ᠲᠠᠯ᠎ᠠ᠂ ᠪᠣᠰᠤᠭ᠎ᠠ ᠴᠣᠭᠴᠠᠲᠤ ᠬᠡᠯᠪᠡᠷᠢ ᠪᠠᠷ ᠰᠢᠨᠵᠢᠶᠠᠩ ᠳᠤ | ᠬᠤᠯᠪᠣᠭᠳᠠᠭᠰᠠᠨ ᠭᠠᠳᠠᠭᠠᠳᠤ ᠤᠬᠠᠭᠤᠯᠭ᠎ᠠ ᠶᠢ ᠥᠷᠨᠢᠭᠦᠯᠵᠦ᠂ ︽ᠤᠷᠢᠵᠤ ᠠᠪᠴᠢᠷᠠᠬᠤ︾ ᠠᠵᠢᠯ ᠢ ᠲᠡᠭᠦᠯᠳᠡᠷᠵᠢᠭᠦᠯᠵᠦ᠂ | ᠳᠤᠮᠳᠠᠳᠤ ᠤᠯᠤᠰ ᠤᠨ ᠰᠢᠨᠵᠢᠶᠠᠩ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠳᠤᠮᠳᠠᠳᠤ ᠶᠢᠨ | ᠪᠣᠯᠪᠠᠰᠤᠨ ᠪᠣᠯ ᠰᠢᠨᠵᠢᠶᠠᠩ ᠤᠨ ᠦᠨᠳᠦᠰᠦᠲᠡᠨ ᠨᠦᠭᠦᠳ ᠤᠨ ᠰᠣᠶᠣᠯ ᠤᠨ ᠦᠨᠳᠦᠰᠦ ᠰᠤᠷᠪᠤᠯᠵᠢ ᠮᠥᠨ᠃ ᠥᠷᠭᠡᠨ | ᠤᠯᠠᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠰᠢᠨᠵᠢᠶᠠᠩ ᠤᠨ ᠲᠡᠦᠬᠡ ᠣᠨᠴᠠᠭᠠᠶᠢᠯᠠᠨ ᠦᠨᠳᠦᠰᠦᠲᠡᠨ ᠤ | ᠬᠥᠭᠵᠢᠯᠲᠡ ᠶᠢᠨ ᠲᠡᠦᠬᠡ ᠶᠢ ᠵᠥᠪ ᠲᠠᠨᠢᠭᠤᠯᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ | ᠪᠤᠢ ᠪᠣᠯᠭᠠᠵᠤ᠂ ᠳᠤᠮᠳᠠᠳᠤ ᠶᠢᠨ ᠰᠡᠳᠭᠢᠯ᠂ ᠳᠤᠮᠳᠠᠳᠤ ᠶᠢᠨ ᠰᠦᠭ ᠰᠦᠨᠡᠰᠦ ᠶᠢ ᠪᠠᠲᠤ ᠴᠣᠭᠴᠠᠯᠠᠬᠤ ᠬᠡᠷᠡᠭᠲᠡᠢ᠂ | ᠢᠯᠠᠩᠭᠤᠶ᠎ᠠ ᠵᠠᠯᠠᠭᠤᠴᠤᠳ ᠪᠠᠭᠠᠴᠤᠳ ᠤᠨ ︽ᠰᠠᠭᠤᠷᠢ ᠶᠢ ᠲᠠᠯᠪᠢᠬᠤ︾ ᠢᠨᠵᠧᠨᠧᠷᠢᠩ ᠢ ᠭᠦᠨᠵᠡᠭᠡᠢ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ | ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠭᠢᠴᠡ ᠵᠡᠷᠭᠡ | ᠲᠠᠯ᠎ᠠ ᠪᠠᠷ ᠪᠦᠬᠦ ᠲᠠᠯ᠎ᠠ ᠪᠠᠷ ᠠᠭᠤᠰᠤᠯᠴᠠᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ | ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ | ᠱᠠᠰᠢᠨ ᠰᠤᠷᠲᠠᠬᠤᠨ ᠤ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠢᠰᠯᠠᠮ ᠤᠨ ᠱᠠᠰᠢᠨ ᠢ ᠳᠤᠮᠳᠠᠳᠤ | ᠤᠯᠤᠰᠴᠢᠯᠠᠬᠤ ᠴᠢᠭᠯᠡᠯ ᠢ ᠨᠡᠩ ᠰᠠᠶᠢᠲᠤᠷ ᠪᠠᠷᠢᠮᠲᠠᠯᠠᠵᠤ᠂ ᠱᠠᠰᠢᠨ ᠰᠤᠷᠲᠠᠬᠤᠨ ᠢ ᠨᠡᠶᠢᠭᠡᠮ ᠵᠢᠷᠤᠮᠲᠤ ᠨᠡᠶᠢᠭᠡᠮ ᠯᠦᠭᠡ | ᠵᠣᠬᠢᠴᠠᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠳᠤ ᠨᠠᠪᠳᠡᠷᠡᠭᠰᠡᠨ᠂ ᠱᠠᠰᠢᠨ | ᠰᠤᠷᠲᠠᠬᠤᠨ ᠤ ᠠᠵᠢᠯ ᠢ ᠰᠠᠶᠢᠨ ᠮᠡᠳᠡᠳᠡᠭ᠂ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠢ | ᠪᠠᠶᠢᠳᠠᠭ ᠨᠠᠮ ᠵᠠᠰᠠᠭ ᠤᠨ ᠺᠠᠳ᠋ᠷ ᠤᠨ ᠡᠩᠨᠡᠭᠡ ᠶᠢ ᠬᠥᠮᠦᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ | ᠱᠠᠰᠢᠨ ᠰᠤᠷᠲᠠᠬᠤᠨ ᠤ ᠲᠠᠯ᠎ᠠ ᠪᠠᠷ ᠪᠦᠲᠦᠮᠵᠢ ᠲᠠᠢ᠂ ᠵᠠᠩ ᠮᠣᠷᠠᠯ ᠤᠨ ᠲᠠᠯ᠎ᠠ ᠪᠠᠷ ᠤᠯᠠᠨ ᠢ ᠪᠢᠰᠢᠷᠡᠭᠦᠯᠦᠭᠰᠡᠨ᠂ | ᠵᠠᠩᠭᠢᠯᠠᠭ᠎ᠠ ᠶᠢᠨ ᠦᠶ᠎ᠡ ᠳᠤ ᠦᠢᠯᠡᠳᠦᠯ ᠭᠠᠷᠭᠠᠳᠠᠭ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠤᠨ | ᠡᠩᠨᠡᠭᠡ ᠶᠢ ᠬᠥᠮᠦᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠮᠠᠷᠺᠰ ᠤᠨ ᠦᠵᠡᠯ ᠤᠨ | ᠱᠠᠰᠢᠨ ᠰᠤᠷᠲᠠᠬᠤᠨ ᠤ ᠦᠵᠡᠯᠲᠡ ᠶᠢ ᠪᠠᠷᠢᠮᠲᠠᠯᠠᠳᠠᠭ᠂ ᠰᠤᠷᠤᠯᠴᠠᠬᠤ ᠰᠤᠷᠲᠠᠯ ᠰᠢᠯᠢᠳᠡᠭ᠂ ᠰᠢᠨ᠎ᠡ ᠶᠢ ᠡᠭᠦᠳᠬᠦ ᠳᠡᠭᠡᠨ | ᠴᠢᠳᠠᠮᠠᠭᠠᠢ ᠪᠠᠶᠢᠳᠠᠭ ᠱᠠᠰᠢᠨ ᠰᠤᠷᠲᠠᠬᠤᠨ ᠤ ᠰᠤᠳᠤᠯᠭᠠᠨ ᠤ ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠱᠠᠰᠢᠨ ᠰᠢᠲᠦᠳᠡᠭ | ᠤᠯᠠᠨ ᠲᠦᠮᠡᠨ ᠤ ᠬᠡᠪ ᠤᠨ ᠱᠠᠰᠢᠨ ᠰᠤᠷᠲᠠᠬᠤᠨ ᠤ ᠬᠡᠷᠡᠭᠴᠡᠭᠡ ᠶᠢ ᠪᠠᠲᠤᠯᠠᠵᠤ᠂ ᠱᠠᠰᠢᠨ ᠰᠢᠲᠦᠳᠡᠭ ᠤᠯᠠᠨ ᠲᠦᠮᠡᠨ ᠢ | ᠨᠠᠮ ᠪᠠ ᠵᠠᠰᠠᠭ ᠤᠨ ᠣᠷᠳᠣᠨ ᠤ ᠲᠣᠭᠤᠷᠢᠨ ᠳᠤ ᠪᠠᠲᠤ ᠪᠦᠯᠬᠦᠮᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠰᠣᠶᠣᠯ ᠢᠶᠠᠷ ᠰᠢᠨᠵᠢᠶᠠᠩ ᠢ | ᠤᠮᠳᠠᠯᠠᠬᠤ ᠠᠵᠢᠯ ᠢ ᠭᠦᠨᠵᠡᠭᠡᠶᠢᠷᠡᠬᠦᠯᠦᠨ ᠥᠷᠨᠢᠭᠦᠯᠬᠦ ᠬᠡᠷᠡᠭᠲᠡᠢ᠃ ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ | ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠃ ᠲᠡᠦᠬᠡ ᠰᠣᠶᠣᠯ ᠤᠨ ᠲᠤᠬᠠᠢ ᠲᠠᠨᠢᠯᠲᠠ ᠪᠠᠨ ᠲᠥᠪ ᠪᠣᠯᠭᠠᠵᠤ᠂ | ᠳᠤᠮᠳᠠᠳᠤ ᠶᠢᠨ ᠰᠣᠶᠣᠯ ᠤᠨ ᠣᠨᠴᠠᠯᠢᠭ ᠪᠠ ᠳᠤᠮᠳᠠᠳᠤ ᠶᠢᠨ ᠦᠨᠳᠦᠰᠦᠲᠡᠨ ᠤ ᠬᠠᠷᠠᠭᠠᠨ ᠰᠡᠷᠡᠯ ᠤᠨ ᠲᠦᠷᠢ ᠲᠥᠷᠬᠦ ᠶᠢ | ᠲᠤᠪᠤᠶᠢᠯᠭᠠᠬᠤ ᠬᠡᠷᠡᠭᠲᠡᠢ᠃ ᠳᠤᠮᠳᠠᠳᠤ ᠶᠢᠨ ᠰᠣᠶᠣᠯ ᠤᠨ ᠨᠡᠶᠢᠲᠡᠯᠢᠭ ᠴᠢᠨᠠᠷ᠂ ᠰᠢᠨᠵᠢᠶᠠᠩ ᠪᠣᠯᠤᠨ ᠳᠣᠲᠣᠷ ᠭᠠᠵᠠᠷ ᠤᠨ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠯᠡᠷᠡᠭᠦᠯᠬᠦ ᠲᠡᠦᠬᠡᠨ ᠪᠣᠳᠠᠲᠤ ᠶᠠᠪᠤᠳᠠᠯ ᠤᠨ | ᠦᠭᠡ ᠶᠠᠷᠢᠶᠠᠨ ᠤ ᠰᠢᠰᠲ᠋ᠧᠮ ᠪᠠ ᠪᠦᠲᠦᠮᠵᠢᠲᠡᠢ ᠠᠴᠢᠶᠠᠯᠠᠪᠤᠷᠢ ᠶᠢ ᠤᠯᠠᠨ ᠬᠠᠷᠠᠭᠠᠰᠤ ᠠᠴᠠ ᠪᠦᠬᠦ ᠲᠠᠯ᠎ᠠ ᠪᠠᠷ ᠪᠠᠶᠢᠭᠤᠯᠵᠤ | ᠂ ᠳᠤᠮᠳᠠᠳᠤ ᠶᠢᠨ ᠰᠣᠶᠣᠯ ᠢ ᠪᠤᠳᠠᠲᠤ ᠪᠤᠳᠠᠰ ᠪᠣᠳᠠᠲᠤ ᠠᠬᠤᠢ ᠪᠣᠳᠠᠲᠤ ᠶᠠᠪᠤᠳᠠᠯ ᠢᠶᠠᠷ ᠳᠠᠮᠵᠢᠭᠤᠯᠤᠨ ᠭᠦᠢᠴᠡᠳ | ᠢᠯᠡᠷᠡᠭᠦᠯᠵᠦ᠂ ᠬᠥᠮᠦᠰ ᠤᠨ ᠰᠡᠳᠭᠢᠯ ᠳᠤ ᠰᠢᠭᠤᠳ ᠬᠦᠷᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ | ᠬᠥᠮᠦᠵᠢᠭᠦᠯᠦᠨ ᠵᠢᠯᠣᠭᠤᠳᠴᠤ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠬᠥᠭᠵᠢᠯᠲᠡ ᠪᠠ ᠲᠣᠭᠲᠠᠭᠤᠨ᠂ ᠬᠥᠭᠵᠢᠯᠲᠡ ᠪᠠ ᠠᠷᠠᠳ ᠤᠨ ᠠᠮᠢᠳᠤᠷᠠᠯ᠂ ᠬᠥᠭᠵᠢᠯᠲᠡ ᠪᠠ | ᠬᠥᠮᠦᠰ ᠤᠨ ᠰᠡᠳᠭᠢᠯ ᠤᠨ ᠨᠢᠭᠲᠠ ᠬᠠᠷᠢᠴᠠᠭ᠎ᠠ ᠶᠢ ᠭᠦᠨᠵᠡᠭᠡᠢ ᠲᠠᠨᠢᠵᠤ᠂ ᠬᠥᠭᠵᠢᠯᠲᠡ ᠶᠢᠨ ᠦᠷ᠎ᠡ ᠪᠦᠲᠦᠭᠡᠯ ᠢᠶᠠᠷ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠮᠦᠰ ᠤᠨ ᠰᠡᠳᠭᠢᠯ ᠢ ᠨᠢᠭᠲᠠᠷᠠᠭᠤᠯᠬᠤ ᠶᠢ ᠠᠬᠢᠭᠤᠯᠬᠤ ᠬᠡᠷᠡᠭᠲᠡᠢ᠃ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠭᠡᠵᠦ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ | ᠪᠣᠶᠢᠵᠢᠭᠤᠯᠤᠨ ᠪᠤᠵᠠᠭᠠᠶᠢᠷᠠᠭᠤᠯᠵᠤ᠂ ᠠᠵᠢᠯ ᠣᠯᠭᠤᠯᠲᠠ ᠶᠢ ᠦᠷᠬᠡᠳᠬᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠬᠥᠳᠡᠭᠡ ᠲᠣᠰᠬᠤᠨ ᠤ ᠦᠷᠭᠦᠯᠵᠢᠯᠡᠬᠦ | ᠬᠥᠭᠵᠢᠯᠲᠡ ᠶᠢᠨ ᠤᠷᠳᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠠᠭᠤᠯᠠ ᠤᠰᠤ ᠤᠢ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ | ᠬᠥᠭᠵᠢᠭᠦᠯᠬᠦ ᠶᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ | ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠭᠠᠳᠠᠭᠠᠳᠤ | ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠪᠠᠷᠠᠭᠤᠨᠰᠢ ᠨᠡᠭᠡᠭᠡᠯᠲᠡ ᠬᠢᠬᠦ ᠪᠠᠬᠢᠯᠡᠯᠲᠡ ᠶᠢ ᠴᠣᠭᠴᠠᠯᠠᠵᠤ᠂ ᠲᠣᠷᠭᠠᠨ | ᠵᠠᠮ ᠤᠨ ᠠᠵᠤ ᠠᠬᠤᠢ ᠶᠢᠨ ᠪᠦᠰᠡ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ | ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠴᠢᠩᠭ᠎ᠠ ᠪᠠᠶᠢᠬᠤ ᠭᠤᠣᠯ ᠬᠦᠭ | ᠠᠶᠠᠰ ᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠨᠠᠮ ᠤᠨ | ᠡᠯ᠎ᠡ ᠲᠠᠯ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ | ᠶᠣᠰᠣ ᠲᠦᠷᠢᠮ ᠢ ᠴᠢᠩᠳᠠᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠭᠡᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠵᠢᠯᠣᠭᠤᠳᠴᠤ ᠬᠦᠰᠡᠯᠡᠩ | ᠢᠲᠡᠭᠡᠯ ᠪᠢᠰᠢᠷᠡᠯ ᠢ ᠨᠢ ᠪᠠᠲᠤᠳᠬᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠰᠤᠳᠠᠰᠤ ᠶᠢ | ᠦᠷᠭᠦᠯᠵᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠡᠯ᠎ᠡ ᠬᠦᠷᠢᠶᠡᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ | ᠦᠨᠳᠦᠰᠦᠨ ᠱᠠᠲᠤᠨ ᠤ ᠠᠵᠢᠯ ᠤᠨ ᠰᠤᠷᠲᠠᠯ ᠢ ᠦᠨᠡᠨ ᠬᠦ ᠰᠠᠶᠢᠵᠢᠷᠠᠭᠤᠯᠵᠤ᠂ ᠨᠣᠶᠠᠨᠴᠢ ᠰᠤᠷᠲᠠᠯ᠂ ᠬᠡᠯᠪᠡᠷᠢᠴᠢ ᠦᠵᠡᠯ ᠢ | ᠡᠷᠡᠰ ᠲᠡᠪᠴᠢᠬᠦ ᠬᠡᠷᠡᠭᠲᠡᠢ᠃ ᠨᠠᠮ ᠵᠠᠰᠠᠭ ᠤᠨ ᠤᠳᠤᠷᠢᠳᠬᠤ ᠪᠠᠭ ᠤᠨ ᠪᠦᠲᠦᠴᠡ ᠶᠢ ᠰᠢᠯᠢᠳᠡᠭᠵᠢᠭᠦᠯᠵᠦ᠂ ᠴᠥᠭᠡᠨ | ᠲᠣᠭᠠᠲᠤ ᠦᠨᠳᠦᠰᠦᠲᠡᠨ ᠤ ᠺᠠᠳ᠋ᠷ ᠤᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢᠩᠲ᠋ᠤᠸᠠᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠰᠢᠨᠵᠢᠶᠠᠩ ᠤᠨ ᠠᠵᠢᠯ ᠤᠨ | ᠶᠡᠷᠦᠩᠬᠡᠢ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠴᠡᠷᠢᠭ ᠠᠩᠭᠢ ᠪᠠ | ᠣᠷᠣᠨ ᠨᠤᠲᠤᠭ ᠨᠢᠭᠡ ᠬᠥᠯᠭᠡ ᠰᠢᠲᠠᠷ᠎ᠠ ᠪᠠᠶᠢᠬᠤ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠵᠡᠷᠭᠡ ᠪᠠᠷ ᠪᠦᠲᠦᠭᠡᠨ | ᠪᠠᠶᠢᠭᠤᠯᠬᠤ ᠶᠢ ᠪᠠᠷᠢᠮᠲᠠᠯᠠᠵᠤ᠂ ᠴᠡᠷᠢᠭ ᠠᠩᠭᠢ ᠪᠠ ᠣᠷᠣᠨ ᠨᠤᠲᠤᠭ ᠤᠨ ᠠᠵᠤ ᠠᠬᠤᠢ᠂ ᠨᠡᠶᠢᠭᠡᠮ᠂ ᠰᠣᠶᠣᠯ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠺᠠᠳ᠋ᠷ ᠴᠢᠳᠠᠪᠤᠷᠢᠲᠠᠨ ᠵᠡᠷᠭᠡ | ᠲᠠᠯ᠎ᠠ ᠶᠢᠨ ᠠᠭᠤᠰᠤᠯᠴᠠᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠵᠤ᠂ ᠲᠤᠨᠤᠭ ᠲᠥᠬᠦᠭᠡᠷᠦᠮᠵᠢ ᠶᠢ ᠬᠠᠮᠲᠤ ᠪᠠᠷ | ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠭᠦᠨᠵᠡᠭᠡᠢ ᠠᠭᠤᠰᠤᠯᠴᠠᠭᠤᠯᠬᠤ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠶᠠᠩ ᠤᠨ ᠠᠵᠢᠯ ᠢ ᠰᠠᠶᠢᠲᠤᠷ ᠬᠢᠬᠦ ᠨᠢ ᠶᠡᠭᠡ ᠲᠠᠯ᠎ᠠ ᠳᠤ ᠬᠤᠯᠪᠣᠭᠳᠠᠵᠤ᠂ ᠪᠦᠬᠦ ᠨᠠᠮ ᠪᠦᠬᠦ | ᠤᠯᠤᠰ ᠤᠨ ᠶᠡᠭᠡ ᠶᠠᠪᠤᠳᠠᠯ ᠪᠣᠯᠤᠨ᠎ᠠ᠃ ᠪᠦᠬᠦ ᠨᠠᠮ ᠢᠶᠠᠷ ᠢᠶᠠᠨ ᠴᠥᠮ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ | ᠦᠨᠳᠦᠷᠴᠡ ᠠᠴᠠ ᠰᠢᠨᠵᠢᠶᠠᠩ ᠤᠨ ᠠᠵᠢᠯ ᠤᠨ ᠴᠢᠬᠤᠯᠠ ᠴᠢᠨᠠᠷ ᠢ ᠲᠠᠨᠢᠵᠤ᠂ ᠠᠵᠢᠯ ᠲᠦᠷᠦᠯ ᠢᠶᠠᠷ ᠰᠢᠨᠵᠢᠶᠠᠩ ᠢ | ᠲᠤᠰᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠲᠦᠷᠦᠯ ᠢᠶᠠᠷ ᠰᠢᠨᠵᠢᠶᠠᠩ ᠢ ᠲᠤᠰᠠᠯᠠᠬᠤ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠶᠠᠩ ᠤᠨ ᠠᠵᠢᠯ ᠢ ᠬᠠᠮᠲᠤ ᠪᠠᠷ ᠰᠠᠶᠢᠲᠤᠷ ᠬᠢᠵᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠪᠠᠷ ᠬᠤᠷᠠᠯᠳᠤᠬᠤ ᠶᠢ ᠤᠭᠲᠤᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠠᠷᠢᠭᠤ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ | ᠵᠠᠰᠠᠬᠤ ᠣᠷᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠲᠤᠰᠬᠠᠢ ᠤᠷᠤᠨ ᠬᠤᠳᠠ ᠶᠢᠨ ᠬᠠᠷᠢᠭᠤᠴᠠᠯᠭᠠᠲᠠᠨ | ᠨᠥᠬᠦᠳ ᠵᠢᠴᠢ ᠠᠬᠠᠮᠠᠳ ᠨᠥᠬᠦᠳ ᠤᠨ ᠲᠥᠯᠥᠭᠡᠯᠡᠭᠴᠢ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠨᠥᠬᠦᠳ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢ᠂ ᠰᠢᠨᠵᠢᠶᠠᠩ ᠢ ᠲᠤᠰᠠᠯᠠᠬᠤ | ᠺᠠᠳ᠋ᠷ ᠤᠨ ᠲᠥᠯᠥᠭᠡᠯᠡᠭᠴᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠥᠯᠥᠭᠡᠯᠡᠭᠴᠢ᠂ ᠱᠠᠰᠢᠨ | ᠰᠤᠷᠲᠠᠬᠤᠨ ᠤ ᠡᠲᠡᠭᠡᠳ ᠤᠨ ᠤᠯᠤᠰ ᠢᠶᠠᠨ ᠬᠠᠶᠢᠷᠠᠯᠠᠭᠴᠢ ᠬᠥᠮᠦᠰ ᠤᠨ ᠲᠥᠯᠥᠭᠡᠯᠡᠭᠴᠢ ᠲᠠᠢ ᠲᠤᠰ ᠲᠤᠰ ᠠᠭᠤᠯᠵᠠᠪᠠ᠃ | ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠲᠩᠷᠢ ᠠᠭᠤᠯᠠ ᠶᠢᠨ ᠠᠷᠤ ᠦᠪᠦᠷ ᠲᠤ ᠠᠵᠢᠯᠯᠠᠵᠤ ᠲᠡᠮᠡᠴᠡᠵᠦ | ᠪᠠᠶᠢᠭ᠎ᠠ ᠥᠷᠭᠡᠨ ᠤᠯᠠᠨ ᠨᠥᠬᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ | 7 ᠰᠠᠷ᠎ᠠ ᠶᠢᠨ 15 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ ᠬᠤᠳᠠᠨ᠎ᠠ ᠰᠢᠨᠵᠢᠶᠠᠩ ᠳᠤ ᠰᠠᠭᠤᠭ᠎ᠠ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ ᠠᠭᠤᠯᠵᠠᠪᠠ᠃ | ᠰᠢ ᠶᠢᠨ ᠫᠢᠩ ᠰᠢᠨᠵᠢᠶᠠᠩ ᠳᠤ ᠰᠠᠭᠤᠭ᠎ᠠ ᠴᠡᠷᠢᠭ ᠠᠩᠬᠢ ᠶᠢᠨ ᠪᠦᠬᠦ ᠨᠥᠬᠦᠳ ᠲᠤ ᠴᠢᠩ ᠰᠡᠳᠭᠢᠯ ᠤᠨ ᠮᠡᠨᠳᠦᠴᠢᠯᠡᠯ | ᠳᠡᠪᠰᠢᠭᠦᠯᠵᠦ᠂ ᠰᠢᠨᠵᠢᠶᠠᠩ ᠳᠤ ᠰᠠᠭᠤᠭ᠎ᠠ ᠴᠡᠷᠢᠭ ᠠᠩᠬᠢ ᠶᠢᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ᠂ ᠰᠢᠨᠵᠢᠶᠠᠩ ᠢ ᠲᠣᠭᠲᠠᠪᠤᠷᠢᠵᠢᠭᠤᠯᠵᠤ ᠰᠢᠨᠵᠢᠶᠠᠩ ᠢ ᠮᠠᠨᠳᠤᠭᠤᠯᠬᠤ ᠳᠤ ᠦᠵᠡᠭᠦᠯᠦᠭᠰᠡᠨ ᠲᠤᠪᠤᠶᠢᠮ᠎ᠠ ᠬᠤᠪᠢ | ᠨᠡᠮᠡᠷᠢ ᠶᠢ ᠭᠦᠢᠴᠡᠳ ᠨᠤᠲᠠᠯᠠᠪᠠ᠃ ᠲᠡᠷᠡ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ | ᠴᠢᠭᠯᠡᠯᠲᠡ ᠶᠢ ᠲᠤᠭᠤᠰᠢᠯᠠᠭᠤᠯᠵᠤ᠂ ᠰᠢᠨᠵᠢᠶᠠᠩ ᠤᠨ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠠᠮᠤᠷ ᠲᠣᠭᠲᠠᠭᠤᠨ | ᠪᠠᠶᠢᠬᠤ ᠶᠢ ᠠᠬᠢᠭᠤᠯᠬᠤ ᠳᠤ ᠢᠳᠡᠪᠬᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ | 15 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠵᠢᠶᠠᠩ ᠠᠴᠠ ᠠᠶᠠᠷᠯᠠᠨ ᠰᠠᠯᠵᠤ ᠪᠡᠭᠡᠵᠢᠩ ᠳᠤ ᠪᠤᠴᠠᠬᠤ | ᠦᠶ᠎ᠡ ᠳᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠵᠠᠮ ᠤᠨ ᠬᠠᠵᠠᠭᠤ ᠳᠤ ᠵᠤᠬᠰᠤᠨ ᠶᠡᠷᠦᠩᠬᠡᠢ ᠱᠦᠵᠢ ᠶᠢ | ᠬᠠᠯᠠᠭᠤᠨ ᠢᠶᠠᠷ ᠦᠳᠡᠨ ᠮᠣᠷᠳᠠᠭᠤᠯᠵᠤ᠂ ᠪᠠᠶᠠᠷᠯᠠᠯᠳᠤᠨ ᠬᠠᠰᠬᠢᠷᠤᠯᠳᠤᠬᠤ ᠲᠠᠭᠤᠨ ᠪᠠ ᠠᠯᠠᠭ᠎ᠠ ᠲᠠᠰᠢᠬᠤ ᠲᠠᠭᠤᠨ | ᠤᠳᠠᠲᠠᠯ᠎ᠠ ᠦᠷᠭᠦᠯᠵᠢᠯᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠵᠠᠩ ᠶᠢᠤ ᠰᠢᠶᠠ᠂ ᠴᠧᠨ ᠰᠢ᠂ ᠾᠧ ᠯᠢ ᠹᠧᠩ ᠵᠢᠴᠢ ᠲᠥᠪ ᠤᠨ ᠪᠠ | ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ | ᠰᠢᠨᠵᠢᠯᠡᠨ ᠪᠠᠶᠢᠴᠠᠭᠠᠪᠠ᠃ ︵ᠰᠢᠨᠬᠤᠸᠠ ᠬᠤᠷᠢᠶᠠᠨ ᠤ ᠦᠷᠦᠮᠴᠢ ᠶᠢᠨ 7 ᠰᠠᠷ᠎ᠠ ᠶᠢᠨ 15 ᠤ ᠴᠠᠬᠢᠯᠭᠠᠨ ᠮᠡᠳᠡᠭᠡ︶ |