ᠰᠢ ᠶᠢᠨ ᠫᠢᠩ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ | ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ | ᠲᠤᠰᠢᠶᠠᠯ ᠳᠤ ᠭᠠᠷᠬᠤ ᠶᠣᠰᠣᠯᠠᠯ 1 ᠤ ᠦᠳᠡ ᠶᠢᠨ ᠡᠮᠦᠨ᠎ᠡ ᠰᠢᠶᠠᠩᠭᠠᠩ ᠤᠨ ᠬᠤᠷᠠᠯ ᠦᠵᠡᠰᠭᠦᠯᠡᠩ ᠤᠨ ᠲᠥᠪ ᠲᠤ | ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠦᠬᠡᠳ | ᠴᠢᠬᠤᠯᠠ ᠶᠠᠷᠢᠶ᠎ᠠ ᠲᠠᠯᠪᠢᠵᠠᠶ᠃ ᠲᠡᠷᠡ᠂ 25 ᠵᠢᠯ ᠤᠨ ᠲᠤᠷᠰᠢ᠂ ᠡᠬᠡ ᠤᠯᠤᠰ ᠤᠨ ᠪᠦᠬᠦ ᠬᠦᠴᠦᠨ ᠤ ᠳᠡᠮᠵᠢᠯᠭᠡ | ᠳᠣᠣᠷ᠎ᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠪᠠᠷ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ | ᠰᠢᠶᠠᠩᠭᠠᠩ ᠳᠤ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠠᠮᠵᠢᠯᠲᠠ ᠣᠯᠵᠠᠢ᠃ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠪᠣᠯ ᠦᠢᠯᠡᠳᠦᠯᠭᠡ ᠶᠢᠨ ᠲᠠᠬᠢᠨ ᠳᠠᠪᠲᠠᠭᠰᠠᠨ ᠰᠢᠯᠭᠠᠯᠲᠠ ᠶᠢ ᠥᠩᠭᠡᠷᠡᠭᠡᠭᠰᠡᠨ ᠶᠤᠮ᠂ ᠤᠯᠤᠰ᠂ | ᠦᠨᠳᠦᠰᠦᠲᠡᠨ ᠤ ᠦᠨᠳᠦᠰᠦᠨ ᠠᠰᠢᠭ ᠲᠤᠰᠠ ᠳᠤ ᠨᠡᠶᠢᠴᠡᠵᠤ᠂ ᠰᠢᠶᠠᠩᠭᠠᠩ᠂ ᠣᠣᠮᠧᠨ ᠤ ᠦᠨᠳᠦᠰᠦᠨ ᠠᠰᠢᠭ | ᠲᠤᠰᠠ ᠳᠤ ᠨᠡᠶᠢᠴᠡᠵᠤ᠂ 14 ᠳ᠋ᠦᠩᠰᠢᠭᠤᠷ ᠭᠠᠷᠤᠢ ᠡᠭᠡ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠶᠢ | ᠣᠯᠵᠤ᠂ ᠰᠢᠶᠠᠩᠭᠠᠩ᠂ ᠣᠣᠮᠧᠨ ᠤ ᠰᠠᠭᠤᠭᠠᠯᠢ ᠠᠷᠠᠳ ᠤᠨ ᠰᠠᠨᠠᠯ ᠨᠢᠭᠡᠲᠡᠢ ᠬᠦᠷᠢᠶᠡᠯᠡᠯ ᠢ ᠣᠯᠤᠭᠰᠠᠨ ᠪᠥᠭᠡᠳ ᠳᠡᠯᠡᠬᠡᠢ | ᠨᠡᠶᠢᠭᠡᠮ ᠤᠨ ᠨᠡᠶᠢᠳᠡᠮ ᠤᠨ ᠵᠦᠪᠰᠢᠶᠡᠷᠡᠯ ᠢ ᠣᠯᠤᠭᠰᠠᠨ ᠶᠤᠮ᠃ ᠡᠶᠢᠮᠦ ᠰᠡᠶᠢᠠ ᠪᠠᠶᠢᠭᠤᠯᠤᠯ ᠢ ᠬᠤᠪᠢᠷᠠᠭᠤᠯᠬᠤ ᠶᠠᠮᠠᠷ ᠴᠤ | ᠰᠢᠯᠲᠠᠭᠠᠨ ᠪᠠᠶᠢᠳᠠᠭ ᠤᠢᠭᠡᠢ᠂ ᠡᠷᠬᠡᠪᠰᠢ ᠤᠷᠳᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | | 7 ᠰᠠᠷ᠎ᠠ ᠶᠢᠨ 1 ᠤ ᠦᠳᠡ ᠶᠢᠨ ᠡᠮᠦᠨ᠎ᠡ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 | ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠰᠢᠶᠠᠩᠭᠠᠩ ᠤᠨ | ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠶ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠣᠣ ᠳ᠋ᠠ ᠸᠧᠶ ᠰᠡᠭᠦᠳᠡᠷᠯᠡᠪᠡ | | | 7 ᠰᠠᠷ᠎ᠠ ᠶᠢᠨ 1 ᠤ ᠦᠳᠡ ᠶᠢᠨ ᠡᠮᠦᠨ᠎ᠡ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ | ᠣᠶ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠰᠢᠶᠠᠩᠭᠠᠩ ᠤᠨ ᠬᠤᠷᠠᠯ ᠦᠵᠡᠰᠭᠦᠯᠡᠩ ᠤᠨ | ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠣᠯᠴᠠᠭᠰᠠᠨ ᠪᠦᠭᠡᠳ | ᠴᠢᠬᠤᠯᠠ ᠶᠠᠷᠢᠶ᠎ᠠ ᠲᠠᠯᠪᠢᠵᠠᠶ᠃ ᠵᠢᠷᠤᠭ ᠪᠣᠯ ᠰᠢ ᠶᠢᠨ ᠫᠢᠩ ᠳᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠶ ᠵᠠᠰᠠᠭ | ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠤᠰᠢᠶᠠᠯ ᠳᠤ | ᠭᠠᠷᠬᠤ ᠳᠠᠩᠭᠠᠷᠢᠭ ᠬᠢᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | | ᠬᠤᠷᠠᠯ ᠤᠨ ᠲᠠᠯᠠᠪᠠᠢ ᠳᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠬᠦᠷ ᠬᠥᠭᠵᠢᠶᠡᠨ ᠲᠠᠢ ᠪᠠᠶᠢᠯ᠎ᠠ᠃ | ᠲᠡᠷᠢᠭᠦᠯᠡᠭᠴᠢ ᠶᠢᠨ ᠲᠠᠶᠢᠰᠠᠨ ᠳᠡᠭᠡᠷ᠎ᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ᠂ | ᠤᠯᠤᠰ ᠤᠨ ᠰᠦᠯᠳᠡ ᠪᠣᠯᠤᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠣᠷᠣᠨ ᠤ ᠲᠤᠭ ᠣᠨᠴᠠ ᠶᠢᠨ | ᠢᠯᠡᠳᠡᠢ ᠬᠠᠷᠠᠭᠳᠠᠨ᠎ᠠ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠤᠨ ᠲᠡᠭᠦᠨ ᠤ ᠬᠠᠳᠤᠨ ᠯᠢᠨ | ᠯᠢ ᠴᠠᠨ ᠤ ᠪᠠᠷ᠎ᠠ ᠪᠤᠯᠤᠯᠭ᠎ᠠ ᠲᠠᠢ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠬᠤ ᠳᠤ᠂ ᠲᠠᠯᠠᠪᠠᠢ ᠳᠠᠶᠠᠭᠠᠷ ᠪᠣᠰᠴᠤ | ᠵᠣᠭᠰᠣᠨ ᠨᠢᠵᠢᠭᠢᠨᠡᠲᠡᠯ᠎ᠡ ᠠᠯᠠᠭ᠎ᠠ ᠲᠠᠰᠢᠪᠠ᠃ | ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠪᠡᠯᠭᠡᠯᠡᠬᠦ ᠶᠡᠭᠡ ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ | ᠡᠬᠢᠯᠡᠵᠠᠢ᠃ ᠪᠦᠬᠦᠳᠡᠭᠡᠷ ᠢᠶᠠᠨ ᠪᠣᠰᠴᠤ ᠵᠣᠭᠰᠣᠨ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠰᠦᠯᠳᠡ ᠳᠠᠭᠤᠤ ᠶᠢ ᠳᠠᠭᠤᠯᠠᠵᠠᠭᠠᠪᠠ᠃ | ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠳᠤ ᠭᠠᠷᠴᠤ ᠲᠠᠩᠭᠠᠷᠢᠭᠯᠠᠬᠤ ᠶᠢ ᠬᠢᠨᠠᠪᠠ᠃ ᠯᠢ ᠵᠢᠶᠠ ᠴᠤᠤ ᠡᠩ | ᠲᠡᠷᠢᠭᠦᠨ ᠳᠤ ᠲᠤᠰᠢᠶᠠᠯ ᠳᠤ ᠭᠠᠷᠬᠤ ᠲᠠᠩᠭᠠᠷᠢᠭ ᠬᠢᠪᠡ᠂ ᠲᠡᠷᠡ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠲᠤᠭ᠂ ᠤᠯᠤᠰ ᠤᠨ ᠰᠦᠯᠳᠡ ᠪᠣᠯᠤᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠷᠤᠨ ᠤ | ᠲᠤᠭ ᠲᠤ ᠬᠠᠨᠳᠤᠵᠤ᠂ ᠪᠠᠷᠠᠭᠤᠨ ᠭᠠᠷ ᠢᠶᠠᠨ ᠡᠷᠭᠦᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦ | ᠪᠣᠯᠬᠤ ᠬᠠᠤᠯᠢ ᠶᠢᠨ ᠲᠣᠭᠲᠠᠭᠠᠯ ᠶᠣᠰᠣᠭᠠᠷ ᠲᠥᠪ ᠴᠢᠩᠭ᠎ᠠ ᠪᠠᠷ ᠲᠠᠩᠭᠠᠷᠢᠭᠯᠠᠪᠠ᠃ | ᠵᠠᠯᠭᠠᠭᠠᠳ᠂ ᠰᠢ ᠶᠢᠨ ᠫᠢᠩ ᠲᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠭᠤᠣᠯ ᠠᠯᠪᠠᠨ ᠲᠤᠰᠢᠶᠠᠯᠲᠠᠳ ᠯᠢ ᠵᠢᠶᠠ ᠴᠤᠤ ᠶᠢᠨ | ᠲᠠᠭᠠᠭᠤᠯᠭ᠎ᠠ ᠪᠠᠷ ᠲᠤᠰᠢᠶᠠᠯ ᠳᠤ ᠭᠠᠷᠬᠤ ᠲᠠᠩᠭᠠᠷᠢᠭ ᠬᠢᠪᠡ᠃ | ᠲᠠᠷᠠᠭ᠎ᠠ ᠨᠢ᠂ ᠯᠢ ᠵᠢᠶᠠ ᠴᠤᠤ ᠲᠠᠩᠭᠠᠷᠢᠭᠯᠠᠬᠤ ᠶᠢ ᠬᠢᠨᠠᠵᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠬᠤᠷᠠᠯ ᠤᠨ ᠪᠦᠷᠢᠯᠳᠦᠬᠦᠨ ᠨᠠᠷ ᠲᠤᠰᠢᠶᠠᠯ ᠳᠤ ᠭᠠᠷᠬᠤ ᠲᠠᠩᠭᠠᠷᠢᠭ ᠬᠢᠪᠡ᠃ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ | ᠲᠡᠷᠢᠭᠦᠨ ᠳᠤ ᠰᠢᠶᠠᠩᠭᠠᠩ ᠤᠨ ᠪᠦᠬᠦ ᠰᠠᠭᠤᠭᠠᠯᠢ ᠠᠷᠠᠳ ᠲᠤ ᠴᠢᠩ ᠰᠡᠳᠭᠢᠯ ᠤᠨ ᠮᠡᠨᠳᠦᠴᠢᠯᠡᠯ ᠬᠦᠷᠬᠡᠵᠦ᠂ ᠰᠢᠨ᠎ᠡ ᠪᠠᠷ | ᠲᠤᠰᠢᠶᠠᠯ ᠳᠤ ᠭᠠᠷᠤᠭᠰᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ | ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠤᠨ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠭᠤᠣᠯ ᠪᠣᠯᠬᠤ | ᠠᠯᠪᠠᠨ ᠲᠤᠰᠢᠶᠠᠯᠲᠠᠳ᠂ ᠵᠠᠰᠠᠭ ᠵᠠᠬᠢᠷᠭᠠᠨ ᠤ ᠬᠤᠷᠠᠯ ᠤᠨ ᠪᠦᠷᠢᠯᠳᠦᠬᠦᠨ ᠨᠠᠷ ᠲᠤ ᠬᠠᠯᠠᠭᠤᠨ ᠪᠠᠶᠠᠷ ᠬᠦᠷᠭᠡᠵᠦ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠰ ᠢ ᠳᠡᠮᠵᠢᠭᠰᠡᠨ᠂ ᠰᠢᠶᠠᠩᠭᠠᠩ ᠤᠨ ᠬᠥᠭᠵᠢᠯ ᠴᠡᠴᠡᠭᠯᠡᠯ | ᠲᠣᠭᠲᠠᠭᠤᠨ ᠢ ᠳᠡᠮᠵᠢᠭᠰᠡᠨ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠡᠷ ᠪᠣᠯᠤᠨ ᠤᠯᠠᠨ ᠤᠯᠤᠰ ᠤᠨ | ᠨᠥᠬᠦᠷᠰᠡᠭ ᠬᠥᠮᠦᠰ ᠲᠤ ᠴᠢᠩ ᠰᠡᠳᠭᠢᠯ ᠤᠨ ᠲᠠᠯᠠᠷᠬᠠᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠨᠢ | ᠳᠤᠮᠳᠠᠳᠤ ᠶᠢᠨ ᠦᠨᠳᠦᠰᠦᠲᠡᠨ ᠤ ᠡᠪᠦᠭᠡ ᠳᠡᠭᠡᠳᠦᠰ ᠤᠨ ᠯᠢᠩᠨᠠᠨ ᠣᠷᠣᠨ ᠳᠤ ᠰᠢᠷᠭᠠᠭᠤ ᠬᠠᠲᠠᠭᠤᠵᠢᠯᠲᠠᠢ ᠠᠵᠤ ᠲᠦᠷᠦᠵᠤ | ᠪᠠᠶᠢᠭᠰᠠᠨ ᠢ ᠲᠡᠮᠳᠡᠭᠯᠡᠵᠦ ᠪᠠᠶᠢᠨ᠎ᠠ᠃ ᠬᠠᠷ᠎ᠠ ᠲᠠᠮᠠᠬᠢ ᠶᠢᠨ ᠲᠠᠶᠢᠨ ᠤ ᠳᠠᠷᠠᠭᠠᠬᠢ ᠳᠤᠮᠳᠠᠳᠤ ᠤᠯᠤᠰ ᠤᠨ ᠣᠷᠴᠢᠨ | ᠦᠶ᠎ᠡ ᠶᠢᠨ ᠲᠡᠦᠬᠡ ᠨᠢ ᠰᠢᠶᠠᠩᠭᠠᠩ ᠢ ᠠᠷᠭ᠎ᠠ ᠪᠤᠰᠤ ᠬᠡᠰᠡᠭᠯᠡᠨ ᠥᠭᠭᠦᠭᠰᠡᠨ ᠭᠤᠲᠤᠮᠰᠢᠭ ᠢ ᠲᠡᠮᠳᠡᠭᠯᠡᠵᠦ᠂ ᠨᠡᠩ ᠴᠤ | ᠳᠤᠮᠳᠠᠳᠤ ᠶᠢᠨ ᠬᠥᠪᠡᠭᠦᠳ ᠥᠬᠢᠳ ᠤᠨ ᠤᠯᠤᠰ ᠬᠦᠷᠦᠨ ᠢᠶᠠᠨ ᠮᠥᠬᠦᠯ ᠠᠴᠠ ᠠᠪᠤᠷᠠᠬᠤ ᠭᠡᠰᠡᠨ ᠡᠰᠡᠷᠭᠦᠴᠡᠯ ᠢ | ᠲᠡᠮᠳᠡᠭᠯᠡᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠢᠭᠰᠡᠨ ᠰᠦᠷ ᠳᠠᠯᠠᠶᠢᠴᠠᠲᠠᠢ ᠵᠠᠭᠤᠨ ᠵᠢᠯ ᠤᠨ ᠲᠡᠮᠡᠴᠡᠯ ᠤᠨ ᠲᠡᠦᠬᠡ ᠨᠢ ᠰᠢᠶᠠᠩᠭᠠᠩ ᠤᠨ ᠠᠬ᠎ᠠ ᠳᠡᠭᠦᠦ ᠨᠡᠷ ᠤᠨ | ᠦᠵᠡᠭᠦᠯᠦᠭᠰᠡᠨ ᠥᠪᠡᠷᠮᠢᠴᠡ ᠪᠥᠭᠡᠳ ᠴᠢᠬᠤᠯᠠ ᠬᠤᠪᠢ ᠨᠡᠮᠡᠷᠢ ᠶᠢ ᠲᠡᠮᠳᠡᠭᠯᠡᠵᠦ ᠪᠠᠶᠢᠨ᠎ᠠ᠃ ᠲᠡᠦᠬᠡᠨ ᠠᠴᠠ ᠨᠠᠭᠠᠰᠢ᠂ | ᠰᠢᠶᠠᠩᠭᠠᠩ ᠤᠨ ᠠᠬ᠎ᠠ ᠳᠡᠭᠦᠦ ᠨᠡᠷ ᠢᠮᠠᠭᠲᠠ ᠡᠬᠡ ᠤᠯᠤᠰ ᠲᠠᠢ ᠪᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠴᠢᠰᠤ ᠮᠢᠬᠠᠨ ᠤ ᠪᠠᠷᠢᠯᠳᠤᠯᠭ᠎ᠠ ᠲᠠᠢ ᠶᠤᠮ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠦᠨᠳᠦᠰᠦᠨ ᠵᠣᠷᠢᠯᠲᠠ ᠪᠣᠯ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠰᠢᠶᠠᠩᠭᠠᠩ᠂ | ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠬᠤ ᠶᠠᠪᠤᠳᠠᠯ ᠪᠣᠯᠤᠨ᠎ᠠ᠃ ᠲᠥᠪ | ᠵᠠᠰᠠᠭ ᠤᠨ ᠣᠷᠳᠣᠨ ᠤ ᠬᠢᠵᠦ ᠪᠠᠶᠢᠭ᠎ᠠ ᠠᠯᠢᠪᠠ ᠪᠦᠬᠦᠨ ᠪᠣᠯ ᠴᠥᠮ ᠤᠯᠤᠰ ᠬᠡᠷ ᠤᠨ ᠰᠠᠶᠢᠨ ᠰᠠᠶᠢᠬᠠᠨ ᠤ ᠲᠥᠯᠥᠭᠡ᠂ | ᠰᠢᠶᠠᠩᠭᠠᠩ ᠣᠣᠮᠧᠨ ᠤ ᠰᠠᠶᠢᠨ ᠰᠠᠶᠢᠬᠠᠨ ᠤ ᠲᠥᠯᠥᠭᠡ᠂ ᠰᠢᠶᠠᠩᠭᠠᠩ ᠣᠣᠮᠧᠨ ᠤ ᠠᠬ᠎ᠠ ᠳᠡᠭᠦᠦ ᠨᠡᠷ ᠤᠨ ᠰᠠᠶᠢᠨ | ᠰᠠᠶᠢᠬᠠᠨ ᠤ ᠲᠥᠯᠥᠭᠡ ᠶᠤᠮ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠦᠢᠯᠡᠳᠦᠯᠭᠡ ᠶᠢᠨ ᠲᠠᠬᠢᠨ ᠳᠠᠪᠲᠠᠭᠰᠠᠨ | ᠰᠢᠯᠭᠠᠯᠲᠠ ᠶᠢ ᠥᠩᠭᠡᠷᠡᠭᠡᠭᠰᠡᠨ᠂ ᠤᠯᠤᠰ᠂ ᠦᠨᠳᠦᠰᠦᠲᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ᠂ ᠰᠢᠶᠠᠩᠭᠠᠩ᠂ | ᠣᠣᠮᠧᠨ ᠤ ᠦᠨᠳᠦᠰᠦᠨ ᠠᠰᠢᠭ ᠲᠤᠰᠠ ᠳᠤ ᠨᠡᠶᠢᠴᠡᠵᠦ᠂ ᠡᠭᠡ ᠤᠯᠤᠰ ᠤᠨ 14 ᠳ᠋ᠦᠩᠰᠢᠭᠤᠷ ᠭᠠᠷᠤᠢ ᠠᠷᠠᠳ | ᠲᠦᠮᠡᠨ ᠤ ᠬᠦᠴᠦᠲᠡᠢ ᠳᠡᠮᠵᠢᠯᠭᠡ ᠶᠢ ᠣᠯᠵᠤ᠂ ᠰᠢᠶᠠᠩᠭᠠᠩ᠂ ᠣᠣᠮᠧᠨ ᠤ ᠰᠠᠭᠤᠭᠠᠯᠢ ᠠᠷᠠᠳ ᠤᠨ ᠰᠠᠨᠠᠯ ᠨᠢᠭᠡᠲᠡᠢ | ᠬᠦᠷᠢᠶᠡᠯᠡᠯ ᠢ ᠣᠯᠤᠭᠰᠠᠨ ᠪᠥᠭᠡᠳ ᠳᠡᠯᠡᠬᠡᠢ ᠨᠡᠶᠢᠭᠡᠮ ᠤᠨ ᠨᠡᠶᠢᠳᠡᠮ ᠤᠨ ᠵᠦᠪᠰᠢᠶᠡᠷᠡᠯ ᠢ ᠣᠯᠤᠭᠰᠠᠨ ᠶᠤᠮ᠃ ᠡᠶᠢᠮᠦ | ᠰᠡᠶᠢᠠ ᠪᠠᠶᠢᠭᠤᠯᠤᠯ ᠢ ᠬᠤᠪᠢᠷᠠᠭᠤᠯᠬᠤ ᠶᠠᠮᠠᠷ ᠴᠤ ᠰᠢᠯᠳᠠᠭᠠᠨ ᠪᠠᠶᠢᠳᠠᠭ ᠤᠢᠭᠡᠢ᠂ ᠡᠷᠬᠡᠪᠰᠢ ᠤᠷᠳᠦ ᠬᠤᠭᠤᠴᠠᠭ᠎ᠠ ᠪᠠᠷ | ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠰᠢᠶᠠᠩᠭᠠᠩ ᠳᠠᠬᠢ ᠪᠠᠶᠠᠯᠢᠭ | ᠦᠢᠯᠡᠳᠦᠯᠭᠡ ᠨᠢ ᠪᠢᠳᠡᠨ ᠳᠤ ᠮᠠᠰᠢ ᠤᠯᠠᠨ ᠡᠷᠬᠢᠮ ᠨᠠᠨᠳᠢᠨ ᠲᠤᠷᠰᠢᠯᠭ᠎ᠠ ᠦᠯᠡᠳᠡᠭᠡᠵᠦ ᠦᠭᠭᠦᠭᠰᠡᠨ ᠪᠥᠭᠡᠳ ᠪᠠᠰᠠ | ᠴᠥᠭᠡᠨ ᠪᠤᠰᠤ ᠭᠦᠨᠵᠡᠭᠡᠢ ᠰᠡᠩᠬᠡᠷᠡᠭᠦᠯᠦᠯ ᠦᠯᠡᠳᠡᠭᠡᠵᠦ ᠦᠭᠴᠡᠢ᠃ ᠭᠠᠭᠴᠠ ᠬᠦ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠵᠢᠮ᠎ᠡ ᠶᠣᠰᠣ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠪᠡᠯ | ᠰᠠᠶ᠋ᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠰ ᠤᠨ ᠢᠮᠠᠭᠲᠠ ᠵᠥᠪ ᠴᠢᠭᠯᠡᠯ ᠢᠶᠠᠷ | ᠯᠠᠪᠳᠠᠭᠤᠨ ᠬᠤᠯᠠ ᠠᠶᠠᠯᠠᠬᠤ ᠶᠢ ᠪᠠᠲᠤᠯᠠᠵᠤ ᠴᠢᠳᠠᠨ᠎ᠠ᠃ | ᠨᠢᠭᠡᠳᠦᠭᠡᠷ ᠲᠤ᠂ ᠡᠷᠬᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠬᠦ | ᠲᠠᠯ᠎ᠠ ᠪᠠᠷ ᠣᠨᠣᠪᠴᠢᠲᠠᠢ ᠲᠤᠭᠤᠰᠢᠯᠠᠭᠤᠯᠬᠤ ᠬᠡᠷᠡᠭᠲᠡᠢ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠪᠣᠯ ᠨᠢᠭᠡᠨ ᠪᠦᠷᠢᠨ ᠪᠦᠲᠦᠨ ᠰᠢᠰᠲ᠋ᠧᠮ ᠮᠥᠨ᠃ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠣᠯ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢᠨ ᠬᠠᠮᠤᠭ ᠤᠨ ᠳᠡᠭᠡᠳᠦ ᠵᠠᠷᠴᠢᠮ ᠮᠥᠨ᠂ ᠡᠨᠡ ᠬᠦ ᠤᠷᠢᠲᠠᠯ ᠳᠣᠣᠷ᠎ᠠ ᠰᠢᠶᠠᠩᠭᠠᠩ᠂ ᠣᠣᠮᠧᠨ ᠤᠤᠯ ᠤᠨ | ᠬᠥᠷᠥᠩᠭᠡᠲᠦ ᠶᠣᠰᠣᠨ ᠤ ᠪᠠᠶᠢᠭᠤᠯᠤᠯ ᠢᠶᠠᠨ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠵᠤ᠂ ᠳᠡᠭᠡᠳᠦ | ᠬᠡᠮᠵᠢᠶᠡᠨ ᠤ ᠥᠪᠡᠷᠲᠡᠭᠡᠨ ᠵᠠᠰᠠᠬᠤ ᠡᠷᠬᠡ ᠶᠢ ᠡᠳ᠋ᠯᠡᠨ᠎ᠡ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠬᠤ ᠨᠢ ᠰᠢᠶᠠᠩᠭᠠᠩ᠂ ᠣᠣᠮᠧᠨ ᠳᠤ ᠬᠢᠵᠠᠭᠠᠯᠠᠰᠢ ᠦᠭᠡᠢ | ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠪᠤᠢ ᠪᠣᠯᠭᠠᠵᠤ ᠥᠭᠬᠦ ᠪᠣᠯᠤᠨ᠎ᠠ᠃ ︽ᠨᠢᠭᠡ ᠤᠯᠤᠰ︾ ᠤᠨ ᠵᠠᠷᠴᠢᠮ | ᠪᠠᠲᠤ ᠪᠠᠬᠢ ᠪᠣᠯᠬᠤ ᠲᠤᠳᠤᠮ ︽ᠬᠤᠶᠠᠷ ᠪᠠᠶᠢᠭᠤᠯᠤᠯ︾ ᠤᠨ ᠳᠠᠪᠠᠭᠤᠯᠢᠭ ᠤᠯᠠᠮ ᠲᠤᠪᠤᠶᠢᠮ᠎ᠠ ᠪᠤᠯᠬᠤ ᠪᠤᠯᠤᠨ᠎ᠠ᠃ | ᠬᠤᠶᠠᠳᠤᠭᠠᠷ ᠲᠤ᠂ ᠡᠷᠬᠡᠪᠰᠢ ᠲᠥᠪ ᠤᠨ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠣᠯᠤᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠨᠢᠭᠡᠳᠦᠯᠲᠡᠢ ᠪᠠᠶᠢᠬᠤ ᠶᠢ ᠪᠠᠲᠤᠯᠠᠬᠤ | ᠬᠡᠷᠡᠭᠲᠡᠢ᠃ ᠲᠥᠪ ᠵᠠᠰᠠᠭ ᠤᠨ ᠣᠷᠳᠣᠨ ᠣᠨᠴᠠᠭᠠᠢ ᠵᠠᠰᠠᠭ ᠵᠠᠬᠢᠷᠭᠠᠨ ᠤ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ | ᠡᠷᠬᠡ ᠲᠠᠢ᠂ ᠡᠨᠡ ᠪᠣᠯ ᠣᠨᠴᠠᠭᠠᠢ ᠵᠠᠰᠠᠭ ᠵᠠᠬᠢᠷᠭᠠᠨ ᠤ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ | ᠡᠬᠢ ᠦᠨᠳᠦᠰᠦ ᠮᠥᠨ᠂ ᠡᠭᠦᠨ ᠤ ᠵᠡᠷᠭᠡ ᠪᠠᠷ ᠲᠥᠪ ᠠᠴᠠ ᠣᠨᠴᠠᠭᠠᠢ ᠵᠠᠰᠠᠭ ᠵᠠᠬᠢᠷᠭᠠᠨ ᠤ ᠣᠷᠣᠨ ᠤ ᠬᠠᠤᠯᠢ ᠶᠣᠰᠣᠭᠠᠷ | ᠡᠳ᠋ᠯᠡᠬᠦ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢ ᠭᠦᠢᠴᠡᠳ ᠬᠦᠨᠳᠦᠳᠭᠡᠨ ᠡᠷᠡᠰ ᠬᠠᠮᠠᠭᠠᠯᠠᠨ᠎ᠠ᠃ ᠲᠥᠪ ᠤᠨ | ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠬᠤ ᠪᠠ ᠣᠨᠴᠠᠭᠠᠢ ᠵᠠᠰᠠᠭ ᠵᠠᠬᠢᠷᠭᠠᠨ ᠤ ᠣᠷᠣᠨ ᠤ | ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢ ᠪᠠᠲᠤᠯᠠᠬᠤ ᠪᠣᠯ ᠨᠢᠭᠡᠳᠦᠯᠲᠡᠢ ᠵᠣᠯᠭᠠᠯᠴᠠᠭᠰᠠᠨ ᠶᠠᠪᠤᠳᠠᠯ ᠪᠣᠯᠤᠨ᠎ᠠ᠂ | ᠭᠠᠭᠴᠠ ᠬᠦ ᠡᠭᠦᠨ ᠢ ᠪᠡᠶᠡᠯᠡᠭᠦᠯᠪᠡᠯ ᠰᠠᠶ᠋ᠢ ᠣᠨᠴᠠᠭᠠᠢ ᠵᠠᠰᠠᠭ ᠵᠠᠬᠢᠷᠭᠠᠨ ᠤ ᠣᠷᠣᠨ ᠢ ᠰᠠᠶᠢᠲᠤᠷ ᠵᠠᠰᠠᠵᠤ ᠴᠢᠳᠠᠨ᠎ᠠ᠃ | ᠭᠤᠷᠪᠠᠳᠤᠭᠠᠷ ᠲᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾ ᠶᠢ ᠡᠷᠬᠡᠪᠰᠢ | ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠡᠷᠬᠡ ᠶᠢ ᠡᠷᠬᠡᠪᠰᠢ ᠤᠯᠤᠰ ᠢᠶᠠᠨ ᠬᠠᠶᠢᠷᠠᠯᠠᠭᠴᠢᠳ ᠤᠨ ᠭᠠᠷ ᠲᠤ | ᠠᠳᠬᠤᠭᠤᠯᠬᠤ ᠬᠡᠷᠡᠭᠲᠡᠢ᠂ ᠡᠨᠡ ᠪᠣᠯ ᠳᠡᠯᠡᠬᠡᠢ ᠳ᠋ᠠᠬᠢᠨ ᠳᠤ ᠨᠡᠶᠢᠳᠡᠮ ᠬᠡᠷᠡᠭᠯᠡᠭᠳᠡᠵᠦ ᠪᠠᠶᠢᠭ᠎ᠠ ᠤᠯᠤᠰ ᠲᠦᠷᠦ ᠶᠢᠨ ᠵᠢᠮ᠎ᠡ | ᠶᠣᠰᠣ ᠮᠥᠨ᠃ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠢ ᠬᠠᠮᠢᠶᠠᠷᠤᠨ ᠵᠠᠰᠠᠬᠤ ᠡᠷᠬᠡ ᠶᠢ ᠤᠯᠤᠰ ᠢᠶᠠᠨ | ᠬᠠᠶᠢᠷᠠᠯᠠᠭᠴᠢᠳ ᠤᠨ ᠭᠠᠷ ᠲᠤ ᠪᠠᠲᠤ ᠡᠵᠡᠮᠳᠡᠭᠦᠯᠬᠦ ᠪᠣᠯ ᠰᠢᠶᠠᠩᠭᠠᠩ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ | ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠶᠠᠮᠠᠷᠪᠠ ᠦᠶ᠎ᠡ ᠳᠤ ᠴᠦ ᠭᠤᠶᠢᠪᠢᠯᠵᠠᠵᠤ ᠪᠣᠯᠬᠤ ᠦᠭᠡᠢ᠃ | ᠬᠠᠮᠢᠶᠠᠷᠤᠨ ᠵᠠᠰᠠᠬᠤ ᠡᠷᠬᠡ ᠶᠢ ᠰᠠᠶᠢᠲᠤᠷ ᠰᠠᠬᠢᠨ ᠬᠠᠮᠠᠭᠠᠯᠠᠬᠤ ᠪᠣᠯ ᠳᠠᠷᠤᠢ ᠰᠢᠶᠠᠩᠭᠠᠩ ᠤᠨ ᠴᠡᠴᠡᠭᠯᠡᠯ ᠬᠥᠭᠵᠢᠯ ᠪᠠ | ᠲᠣᠭᠲᠠᠭᠤᠨ ᠪᠠᠶᠢᠳᠠᠯ ᠢ ᠰᠠᠬᠢᠨ ᠬᠠᠮᠠᠭᠠᠯᠠᠵᠤ᠂ ᠰᠢᠶᠠᠩᠭᠠᠩ ᠤᠨ 700 ᠭᠠᠷᠤᠢ ᠲᠦᠮᠡᠨ ᠰᠠᠭᠤᠭᠠᠯᠢ ᠠᠷᠠᠳ ᠤᠨ ᠬᠤᠪᠢ | ᠪᠡᠶ᠎ᠠ ᠶᠢᠨ ᠬᠢᠨᠢ ᠠᠰᠢᠭ ᠲᠤᠰᠠ ᠶᠢ ᠰᠠᠬᠢᠨ ᠬᠠᠮᠠᠭᠠᠯᠠᠬᠤ ᠶᠠᠪᠤᠳᠠᠯ ᠪᠣᠯᠤᠨ᠎ᠠ᠃ | ᠳᠥᠷᠪᠡᠳᠦᠭᠡᠷ ᠲᠤ᠂ ᠰᠢᠶᠠᠩᠭᠠᠩ ᠤᠨ ᠥᠪᠡᠷᠮᠢᠴᠡ ᠪᠠᠶᠢᠷᠢ ᠰᠠᠭᠤᠷᠢ ᠪᠠ ᠳᠠᠪᠠᠭᠤᠯᠢᠭ ᠲᠠᠯ᠎ᠠ ᠶᠢ ᠡᠷᠬᠡᠪᠰᠢ | ᠪᠠᠲᠤᠯᠠᠬᠤ ᠬᠡᠷᠡᠭᠲᠡᠢ᠃ ᠡᠬᠡ ᠤᠯᠤᠰ ᠢᠶᠠᠨ ᠲᠦᠰᠢᠵᠦ᠂ ᠳᠡᠯᠡᠬᠡᠢ ᠳ᠋ᠠᠬᠢᠨ ᠲᠠᠢ ᠬᠤᠯᠪᠣᠯᠳᠤᠨ ᠨᠡᠪᠲᠡᠷᠡᠯᠴᠡᠬᠦ ᠪᠣᠯ | ᠰᠢᠶᠠᠩᠭᠠᠩ ᠤᠨ ᠤᠯᠠᠨ ᠠᠴᠠ ᠬᠡᠲᠦᠶᠢᠳᠦᠭᠰᠡᠨ ᠳᠠᠪᠠᠭᠤᠯᠢᠭ ᠪᠣᠯᠤᠨ᠎ᠠ᠃ ᠲᠥᠪ ᠵᠠᠰᠠᠭ ᠤᠨ ᠣᠷᠳᠣᠨ ᠠᠴᠠ | ᠰᠢᠶᠠᠩᠭᠠᠩ ᠤᠨ ᠤᠷᠳᠤ ᠬᠤᠭᠤᠴᠠᠭ᠎ᠠ ᠪᠠᠷ ᠥᠪᠡᠷᠮᠢᠴᠡ ᠪᠠᠶᠢᠷᠢ ᠰᠠᠭᠤᠷᠢ ᠪᠠ ᠳᠠᠪᠠᠭᠤᠯᠢᠭ ᠢᠶᠠᠨ ᠪᠠᠷᠢᠮᠲᠠᠯᠠᠬᠤ ᠶᠢ | ᠪᠦᠷᠢᠮᠦᠰᠦᠨ ᠲᠡᠮᠵᠢᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ᠂ ᠤᠰᠤᠨ ᠵᠠᠮ ᠤᠨ ᠲᠡᠭᠡᠭᠡᠪᠦᠷᠢ᠂ ᠠᠷᠠᠯᠵᠢᠶᠠᠨ ᠤ | ᠲᠥᠪ ᠪᠣᠯᠬᠤ ᠪᠠᠶᠢᠷᠢ ᠰᠠᠭᠤᠷᠢ ᠶᠢ ᠪᠠᠬᠢᠵᠢᠭᠦᠯᠦᠨ᠂ ᠴᠢᠯᠥᠭᠡᠲᠡᠢ ᠨᠡᠭᠡᠭᠡᠯᠲᠡᠲᠡᠢ ᠵᠢᠷᠤᠮᠵᠢᠭᠰᠠᠨ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠬᠠᠮᠠᠭᠠᠯᠠᠵᠤ᠂ ᠡᠩ ᠤᠨ ᠬᠠᠤᠯᠢ ᠶᠢᠨ ᠲᠦᠷᠢᠮ ᠢ ᠪᠠᠷᠢᠮᠲᠠᠯᠠᠨ᠂ ᠰᠠᠭᠠᠳ ᠦᠭᠡᠢ ᠨᠡᠪᠲᠡᠷᠡᠬᠦ | ᠳᠥᠭᠦᠮ ᠳᠥᠲᠡ ᠤᠯᠠᠨ ᠤᠯᠤᠰ ᠤᠨ ᠬᠠᠷᠢᠯᠴᠠᠭ᠎ᠠ ᠶᠢ ᠥᠷᠭᠡᠳᠭᠡᠨ᠎ᠡ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠰᠢᠶᠠᠩᠭᠠᠩ ᠴᠢᠬᠤᠯᠠ ᠶᠡᠭᠡ ᠬᠤᠪᠢ ᠨᠡᠮᠡᠷᠢ ᠦᠵᠡᠭᠦᠯᠬᠦ ᠨᠢ ᠯᠠᠪᠳᠠᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ 4 ᠲᠠᠯ᠎ᠠ ᠶᠢᠨ ᠬᠦᠰᠡᠯ ᠲᠠᠯᠪᠢᠵᠠᠢ᠄ ᠨᠢᠭᠡ ᠳᠤ᠂ | ᠵᠠᠰᠠᠯᠲᠠ ᠶᠢᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠰᠠᠶᠢᠨ ᠵᠠᠰᠠᠭ ᠢᠶᠠᠷ ᠴᠢᠳᠠᠮᠠᠭᠠᠢ ᠵᠠᠰᠠᠬᠤ ᠰᠢᠨ᠎ᠡ ᠳᠦᠷᠰᠦ | ᠪᠠᠶᠢᠳᠠᠯ ᠢ ᠢᠯᠡᠷᠡᠭᠦᠯᠬᠦ ᠬᠡᠷᠡᠭᠲᠡᠢ᠃ ᠬᠤᠶᠠᠷ ᠲᠤ᠂ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠶᠢ ᠲᠠᠰᠤᠷᠠᠯᠲᠠ ᠦᠭᠡᠢ | ᠴᠢᠩᠭᠠᠳᠬᠠᠵᠤ᠂ ᠰᠢᠶᠠᠩᠭᠠᠩ ᠤᠨ ᠨᠡᠶᠢᠭᠡᠮ ᠳᠤ ᠬᠠᠳᠠᠭᠠᠯᠠᠭᠳᠠᠵᠤ ᠪᠠᠶᠢᠭ᠎ᠠ ᠯᠤᠲᠤ ᠶᠡᠭᠡ ᠪᠦᠲᠦᠭᠡᠯᠴᠢ ᠬᠦᠴᠦᠨ ᠪᠠ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠠᠬᠤ ᠬᠡᠷᠡᠭᠲᠡᠢ᠃ ᠭᠤᠷᠪᠠ ᠳᠤ᠂ ᠠᠷᠠᠳ ᠤᠨ | ᠠᠮᠢᠳᠤᠷᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠲᠠ ᠶᠢᠨ | ᠠᠷᠠᠳ ᠲᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠲᠦᠷᠪᠡ ᠳᠤ᠂ ᠡᠶ᠎ᠡ ᠵᠣᠬᠢᠴᠠᠩᠭᠤᠢ | ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠨᠡᠩ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠬᠡᠷᠡᠭᠲᠡᠢ᠃ | ᠰᠢ ᠶᠢᠨ ᠫᠢᠩ᠂ ᠵᠠᠯᠠᠭᠤᠴᠤᠳ ᠢ ᠣᠨᠴᠠᠭᠠᠶᠢᠯᠠᠨ ᠬᠠᠯᠠᠮᠵᠢᠯᠠᠨ ᠬᠠᠶᠢᠷᠠᠯᠠᠬᠤ ᠬᠡᠷᠡᠭᠲᠡᠢ᠃ ᠵᠠᠯᠠᠭᠤᠴᠤᠳ | ᠪᠠᠭᠠᠴᠤᠳ ᠢ ᠬᠥᠲᠥᠯᠥᠨ ᠳᠠᠭᠠᠭᠤᠯᠵᠤ ᠤᠯᠤᠰ ᠪᠠ ᠳᠡᠯᠡᠬᠡᠶ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠶ | ᠲᠠᠨᠢᠭᠤᠯᠵᠤ᠂ ᠦᠨᠳᠦᠰᠦᠲᠡᠨ ᠤ ᠣᠮᠣᠭᠰᠢᠯᠲᠤ ᠰᠡᠳᠭᠢᠯᠭᠡ ᠪᠠ ᠡᠵᠡᠨ ᠬᠥᠮᠦᠨ ᠤ ᠤᠬᠠᠮᠰᠠᠷ ᠢ ᠨᠢ ᠴᠢᠩᠭᠠᠳᠬᠠᠬᠤ | ᠬᠡᠷᠡᠭᠲᠡᠶ᠃ ᠥᠷᠭᠡᠨ ᠤᠯᠠᠨ ᠵᠠᠯᠠᠭᠤᠴᠤᠳ ᠢ ᠬᠠᠪᠰᠤᠷᠤᠨ ᠰᠤᠷᠤᠯᠭ᠎ᠠ᠂ ᠠᠵᠢᠯ ᠣᠯᠬᠤ᠂ ᠦᠢᠯᠡᠰ ᠪᠤᠰᠬᠠᠬᠤ᠂ | ᠠᠮᠢᠳᠤᠷᠠᠯ ᠪᠤᠰᠬᠠᠬᠤ ᠳᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠤ ᠦᠰᠦᠨ | ᠪᠣᠶᠢᠵᠢᠵᠤ ᠴᠢᠳᠠᠪᠤᠷᠢᠲᠠᠨ ᠪᠣᠯᠬᠤ ᠳᠤᠨᠢ ᠨᠡᠩ ᠤᠯᠠᠨ ᠠᠵᠠ ᠲᠣᠬᠢᠶᠠᠯ ᠡᠭᠦᠳᠴᠦ ᠥᠭᠬᠦ ᠬᠡᠷᠡᠭᠲᠡᠢ᠃ ᠰᠢᠶᠠᠩᠭᠠᠩ ᠤᠨ | ᠵᠠᠯᠠᠭᠤᠴᠤᠳ ᠨᠢᠭᠡ ᠪᠦᠷᠢ ᠴᠥᠮ ᠰᠠᠶᠢᠨ ᠰᠠᠶᠢᠬᠠᠨ ᠰᠢᠶᠠᠩᠭᠠᠩ ᠢ ᠪᠦᠳᠦᠭᠡᠨ ᠪᠠᠶᠢᠭᠤᠯᠬᠤ ᠡᠩᠨᠡᠭᠡᠨ ᠳᠤ ᠣᠷᠣᠯᠴᠠᠵᠤ᠂ | ᠭᠠᠯ ᠵᠠᠯᠠᠭᠤ ᠨᠠᠰᠤ ᠪᠠᠷ ᠢᠶᠠᠨ ᠭᠤᠶᠢᠳᠠ ᠰᠠᠶᠢᠬᠠᠨ ᠠᠮᠢᠳᠤᠷᠠᠯ ᠢᠶᠠᠨ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠢᠭᠡᠨᠲᠡ ᠪᠤᠴᠠᠰᠢ ᠦᠭᠡᠢ | ᠲᠡᠦᠬᠡ ᠶᠢᠨ ᠠᠬᠢᠴᠠ ᠳᠤ ᠣᠷᠣᠪᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠰᠢᠶᠠᠩᠭᠠᠩ ᠳᠠᠬᠢ | ᠠᠮᠵᠢᠯᠲᠠ ᠲᠠᠢ ᠦᠢᠯᠡᠳᠦᠯᠭᠡ ᠶᠢ ᠠᠬᠢᠭᠤᠯᠬᠤ ᠪᠣᠯ ᠡᠨᠡ ᠬᠦ ᠲᠡᠦᠬᠡᠨ ᠠᠬᠢᠴᠠ ᠶᠢᠨ ᠴᠢᠬᠤᠯᠠ ᠪᠦᠷᠢᠯᠳᠦᠬᠦᠨ ᠬᠡᠰᠡᠭ | ᠪᠣᠯᠤᠨ᠎ᠠ᠃ ᠠᠭᠤᠤ ᠶᠡᠭᠡ ᠡᠬᠡ ᠤᠯᠤᠰ ᠤᠨ ᠡᠷᠡᠰ ᠪᠠᠲᠤ ᠳᠡᠮᠵᠢᠯᠭᠡ᠂ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠴᠢᠭᠯᠡᠯᠲᠡ ᠶᠢᠨ ᠪᠠᠲᠤ ᠴᠢᠩᠭ᠎ᠠ ᠪᠠᠲᠤᠯᠠᠭ᠎ᠠ ᠪᠠᠶᠢᠬᠤ ᠪᠤᠯᠬᠤᠷ ᠮᠠᠨ ᠤ ᠤᠯᠤᠰ ᠤᠨ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠳᠤ ᠰᠢᠶᠠᠩᠭᠠᠩ ᠯᠠᠪᠲᠠᠢ ᠨᠡᠩ ᠶᠡᠭᠡ ᠭᠡᠷᠡᠯ ᠰᠠᠴᠤᠷᠠᠩᠭᠤᠢ | ᠠᠮᠵᠢᠯᠲᠠ ᠶᠢ ᠡᠭᠦᠳᠴᠦ᠂ ᠯᠠᠪᠲᠠᠢ ᠡᠬᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠦᠩᠭᠡ ᠭᠡᠷᠡᠯ ᠢ ᠬᠠᠮᠲᠤ ᠪᠠᠷ ᠡᠳ᠋ᠯᠡᠬᠦ ᠪᠣᠯᠤᠨ᠎ᠠ ᠭᠡᠳᠡᠭ ᠢ ᠪᠢᠳᠡ ᠪᠠᠲᠤ ᠢᠲᠡᠭᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠯᠢ ᠵᠢᠶᠠ ᠴᠤᠤ ᠪᠠᠶᠠᠷ ᠤᠨ ᠦᠭᠡ ᠳᠡᠭᠡᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠤᠭᠰᠠᠨ ᠤ ᠬᠤᠪᠢ ᠳᠤ᠂ ᠪᠢ ᠬᠢᠵᠠᠭᠠᠯᠠᠰᠢ ᠦᠭᠡᠢ ᠢᠷᠠᠭᠤ ᠠᠯᠳᠠᠷ ᠲᠠᠢ | ᠰᠠᠨᠠᠭᠳᠠᠵᠤ ᠪᠠᠶᠢᠬᠤ ᠪᠥᠭᠡᠳ ᠬᠠᠷᠢᠭᠤᠴᠠᠯᠭ᠎ᠠ ᠬᠦᠨᠳᠦ ᠶᠡᠭᠡ ᠬᠡᠳᠡᠭ ᠢ ᠭᠦᠨ ᠣᠶᠢᠯᠠᠭᠠᠵᠤ ᠪᠠᠶᠢᠨ᠎ᠠ᠃ ᠪᠢ ᠬᠠᠮᠢᠶᠠᠷᠤᠨ | ᠵᠠᠰᠠᠬᠤ ᠪᠦᠯᠬᠦᠮ ᠢᠶᠠᠨ ᠳᠠᠭᠠᠭᠤᠯᠤᠨ ᠪᠦᠬᠦ ᠬᠦᠴᠦ ᠪᠠᠷ ᠢᠶᠠᠨ ᠴᠢᠷᠮᠠᠶᠢᠵᠤ᠂ ᠰᠢᠶᠠᠩᠭᠠᠩ ᠤᠨ ᠨᠡᠶᠢᠭᠡᠮ ᠤᠨ ᠡᠯ᠎ᠡ | ᠡᠲᠡᠭᠡᠳ ᠤᠨ ᠬᠢᠨ ᠲᠠᠢ ᠪᠦᠯᠬᠦᠮᠳᠡᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ | ᠰᠢᠶᠠᠩᠭᠠᠩᠴᠤᠳ ᠢᠶᠠᠷ ᠰᠢᠶᠠᠩᠭᠠᠩ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ | ᠲᠠᠯ᠎ᠠ ᠪᠠᠷ ᠣᠨᠣᠪᠴᠢᠲᠠᠢ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠦᠨᠳᠦᠰᠦ ᠪᠣᠯᠬᠤ ᠬᠠᠤᠯᠢ ᠳᠤ ᠲᠣᠭᠲᠠᠭᠠᠭᠰᠠᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦᠨ ᠬᠠᠤᠯᠢ ᠶᠢᠨ ᠲᠦᠷᠢᠮ ᠤᠨ ᠡᠮᠬᠢ ᠳᠢᠭᠯᠢᠮ ᠢ ᠬᠠᠮᠠᠭᠠᠯᠠᠵᠤ᠂ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠰᠢᠶᠠᠩᠭᠠᠩ ᠤᠨ | ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃ | ᠳ᠋ᠢᠩ ᠰᠢᠤᠸᠠᠢ ᠰᠢᠶᠠᠩ᠂ ᠰᠢᠤᠢ ᠴᠢ ᠯᠢᠶᠠᠩ᠂ ᠱᠧᠨ ᠶᠤᠸᠠᠢ ᠶᠤᠸᠠᠢ᠂ ᠸᠠᠩ ᠢ᠂ ᠰᠢᠶᠠ ᠪᠣᠣ ᠯᠦᠩ ᠪᠡᠯᠭᠡᠯᠡᠬᠦ | ᠶᠡᠭᠡ ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠪᠠ᠃ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠵᠧᠨ ᠶᠢᠩ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ᠂ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ ᠤ ᠲᠡᠭᠡᠷ᠎ᠠ ᠨᠢᠬᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ ᠵᠢᠴᠢ | ᠰᠢᠶᠠᠩᠭᠠᠩ ᠤᠨ ᠡᠯ᠎ᠡ ᠡᠲᠡᠭᠡᠳ ᠤᠨ ᠲᠥᠯᠥᠭᠡᠯᠡᠭᠴᠢᠳ ᠪᠣᠯᠤᠨ ᠣᠨᠴᠠ ᠤᠷᠢᠭᠰᠠᠨ ᠬᠦᠨᠳᠦᠲᠦ ᠵᠣᠴᠢᠳ ᠪᠠᠰᠠ ᠪᠡᠯᠭᠡᠯᠡᠬᠦ | ᠶᠡᠭᠡ ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠵᠠᠢ᠃ ︵ᠰᠢᠨᠬᠤᠸᠠ ᠬᠤᠷᠢᠶᠠᠨ ᠤ ᠰᠢᠶᠠᠩᠭᠠᠩ ᠤᠨ 7 | ᠰᠠᠷ᠎ᠠ ᠶᠢᠨ 1 ᠤ ᠴᠠᠬᠢᠯᠭᠠᠨ ᠮᠡᠳᠡᠭᠡ︶ | | | | | | | | | | | | | | | |