ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 28 ᠤ ᠡᠳᠦᠷ ᠬᠤᠪᠸᠢ ᠮᠤᠵᠢ ᠶᠢᠨ ᠦᠬᠠᠨ ᠬᠤᠳᠠ ᠳᠤ | ᠰᠢᠨᠵᠢᠯᠡᠨ ᠪᠠᠶᠢᠴᠠᠭᠠᠬᠤ ᠳᠠᠭᠠᠨ ᠵᠢᠭᠠᠵᠤ ᠭᠠᠷᠭᠠᠬᠰᠠᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠤᠯᠤᠰ ᠤᠨ ᠬᠦᠴᠦᠷᠬᠡᠭᠵᠢᠯ ᠤᠨ ᠰᠠᠭᠤᠷᠢ᠂ ᠠᠮᠤᠷ ᠲᠦᠪᠰᠢᠨ ᠤ ᠴᠢᠬᠤᠯᠠ | ᠵᠦᠢᠯ ᠪᠣᠯᠤᠨ᠎ᠠ᠃ ᠪᠢᠳᠡ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ | ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ | ᠭᠠᠷ ᠲᠠᠭᠠᠨ ᠪᠠᠲᠤ ᠡᠵᠡᠮᠳᠡᠵᠥ᠂ ᠰᠢᠨᠵᠢᠯᠡᠬᠦ ᠤᠬᠠᠭᠠᠨ ᠳᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠭᠦ ᠳᠡᠬᠡᠷ᠎ᠡ ᠨᠡᠩ ᠶᠡᠭᠡ ᠠᠬᠢᠴᠠ ᠲᠠᠢ ᠪᠣᠯᠵᠤ᠂ ᠮᠠᠨ ᠤ ᠤᠯᠤᠰ ᠤᠨ ᠬᠥᠭᠵᠢᠯᠲᠡ ᠶᠢᠨ ᠦᠪᠡᠷᠮᠢᠴᠡ ᠴᠢᠨᠠᠷ᠂ | ᠪᠡᠶ᠎ᠡ ᠪᠠᠨ ᠳᠠᠭᠠᠭᠠᠬᠤ ᠴᠢᠨᠠᠷ᠂ ᠠᠮᠤᠷ ᠲᠦᠪᠰᠢᠨ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠥ᠂ ᠨᠡᠩ ᠤᠯᠠᠨ ᠰᠢᠨ᠎ᠡ | ᠮᠡᠷᠭᠡᠵᠢᠯ ᠰᠢᠨ᠎ᠡ ᠠᠵᠤ ᠦᠢᠯᠡᠰ ᠢ ᠪᠤᠢ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ | ᠤᠷᠤᠯᠳᠤᠭᠠᠨ ᠤ ᠵᠠᠮ ᠢ ᠨᠡᠭᠡᠭᠡᠵᠦ᠂ ᠤᠯᠠᠨ ᠤᠯᠤᠰ ᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ | ᠬᠡᠷᠡᠭᠲᠡᠢ ᠬᠡᠵᠥ ᠴᠢᠬᠤᠯᠠᠴᠢᠯᠠᠪᠠ᠃ | 28 ᠤ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠬᠤᠪᠸᠢ ᠮᠤᠵᠢ ᠶᠢᠨ ᠨᠠᠮ ᠤᠨ ᠬᠤᠷᠢᠶᠠᠨ ᠤ ᠱᠦᠵᠢ | ᠸᠠᠩ ᠮᠧᠩ ᠬᠤᠢ᠂ ᠮᠤᠵᠢ ᠶᠢᠨ ᠳᠠᠷᠤᠭ᠎ᠠ ᠸᠠᠩ ᠵᠦᠩ ᠯᠢᠨ ᠤ ᠪᠠᠷ᠎ᠠ ᠪᠤᠯᠤᠯᠭ᠎ᠠ ᠲᠠᠢ ᠪᠠᠷ ᠦᠬᠠᠨ ᠤ ᠠᠵᠤ ᠠᠬᠤᠶᠢᠯᠠᠯ᠂ | ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ | ᠰᠢ ᠶᠢᠨ ᠫᠢᠩ ᠡᠩ ᠲᠡᠷᠢᠭᠦᠨ ᠳᠤ ᠦᠬᠠᠨ ᠤ ᠬᠤᠸᠠ ᠬᠦᠩ ᠯᠠᠶᠢᠰᠧᠷ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ | ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠭᠦ ᠶᠡᠷᠦᠩᠬᠡᠶᠢᠯᠡᠭᠰᠡᠨ ᠲᠣᠮᠣ ᠠᠰᠠᠷ ᠲᠤ᠂ ᠰᠢ ᠶᠢᠨ | ᠫᠢᠩ ᠬᠤᠪᠸᠢ ᠮᠤᠵᠢ ᠶᠢᠨ ᠬᠡᠷᠡᠯ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠶᠯᠡᠰ ᠤᠨ ᠬᠥᠭᠵᠢᠯᠲᠡ ᠵᠢᠴᠢ ᠭᠤᠤᠯᠯᠠᠬᠤ | ᠮᠡᠷᠭᠡᠵᠢᠯ ᠤᠨ ᠪᠣᠭᠤᠮᠲᠠ ᠰᠢᠪᠲᠤᠯᠤᠬᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠴᠠᠬᠢᠮ ᠤᠨ ᠠᠵᠤ | ᠦᠶᠯᠡᠰ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠪᠤᠳᠠᠳᠠᠢ ᠪᠠᠶᠢᠴᠠᠭᠠᠨ ᠦᠵᠡᠪᠡ᠃ ᠰᠢ | ᠶᠢᠨ ᠫᠢᠩ᠂ ᠭᠡᠷᠡᠯ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠢᠯᠡᠰ ᠪᠣᠯ ᠬᠡᠷᠡᠭᠯᠡᠭᠡ ᠥᠷᠭᠡᠨ ᠪᠠᠶᠢᠯᠳᠤᠬᠤ | ᠪᠤᠳᠤᠯᠭ᠎ᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠮᠥᠨ᠂ ᠪᠠᠰᠠ ᠴᠤ ᠮᠠᠨ ᠤ ᠤᠯᠤᠰ ᠤᠨ ᠤᠷᠢᠤᠨ ᠢᠶᠠᠷ | ᠰᠢᠪᠲᠤᠯᠤᠯᠲᠠ ᠭᠠᠷᠭᠠᠬᠤ ᠨᠥᠬᠦᠴᠡᠯ ᠲᠠᠢ ᠳᠡᠭᠡᠳᠦ ᠮᠡᠷᠭᠡᠵᠢᠯ ᠤᠨ ᠠᠵᠤ ᠦᠢᠯᠡᠰ ᠮᠥᠨ᠃ ᠬᠤᠪᠧᠶ ᠮᠤᠵᠢ ᠶᠢᠨ ᠦᠬᠠᠨ ᠤ | ᠳ᠋ᠦᠩ ᠬᠤ᠋ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠨᠢ ᠭᠡᠷᠡᠯ ᠡᠯᠧᠺᠲᠷᠣᠨ ᠮᠡᠳᠡᠭᠡ ᠵᠠᠩᠭᠢ ᠶᠢᠨ ᠠᠵᠤ | ᠦᠶᠯᠡᠰ ᠤᠨ ᠬᠦᠷᠢᠶᠡᠨ ᠳᠤ ᠦᠪᠡᠷ ᠤᠨ ᠬᠡᠰᠡᠨ ᠥᠪᠡᠷᠮᠢᠴᠡ ᠣᠨᠴᠠᠯᠢᠭ ᠲᠠᠢ ᠶᠤᠮ᠃ ᠮᠡᠷᠭᠡᠵᠢᠯ ᠤᠨ ᠰᠤᠳᠤᠯᠤᠨ | ᠨᠡᠭᠡᠭᠡᠯᠳᠡ ᠶᠢᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ | ᠡᠷᠬᠡ ᠲᠠᠢ ᠭᠤᠣᠯᠯᠠᠭᠴᠢ ᠮᠡᠷᠭᠡᠵᠢᠯ ᠢ ᠨᠡᠩ ᠤᠯᠠᠨ ᠡᠵᠡᠮᠰᠢᠵᠦ᠂ ᠲᠠᠰᠤᠷᠠᠯᠳᠠ ᠦᠭᠡᠢ ᠪᠠᠷ ᠰᠢᠨ᠎ᠡ ᠶᠢ ᠡᠭᠦᠳᠬᠦ ᠬᠡᠯᠬᠢᠶ᠎ᠡ ᠶᠢ | ᠤᠷᠲᠤᠳᠬᠠᠵᠤ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠭᠡᠷᠡᠯ ᠡᠯᠧᠺᠲᠷᠣᠨ ᠮᠡᠳᠡᠭᠡ | ᠵᠠᠩᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠲᠡᠢ᠃ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ ︽ᠪᠣᠭᠤᠮᠢ ᠪᠤᠯᠵᠥ ᠪᠠᠶᠢᠭ᠎ᠠ︾ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠢᠪᠲᠤᠯᠬᠤ ᠠᠵᠢᠯ ᠢ ᠥᠴᠦᠬᠡᠨ ᠴᠦ ᠤᠳᠠᠭᠠᠰᠢᠷᠠᠭᠤᠯᠵᠤ ᠪᠣᠯᠬᠤ ᠦᠭᠡᠢ᠂ | ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠪᠦᠬᠦ ᠤᠯᠤᠰ ᠤᠨ | ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠱᠠᠯᠠᠮᠠᠭᠠᠶᠢᠯᠠᠨ ᠨᠡᠬᠡᠵᠥ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠬᠦ | ᠬᠡᠷᠡᠭᠲᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ ᠤᠷᠢᠳ ᠬᠤᠵᠢᠳ ᠠᠵᠤ ᠠᠬᠤᠶᠢᠯᠠᠯ ᠤᠨ ᠯᠠᠶᠢᠰᠧᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠣᠷᠳᠣᠨ᠂ ᠬᠠᠭᠠᠰ ᠳᠠᠮᠵᠢᠭᠤᠯᠤᠭᠴᠢ ᠬᠠᠪᠲᠠᠰᠤ ᠶᠢᠨ ᠯᠠᠶᠢᠰᠧᠷ ᠣᠶᠤᠨᠴᠢ ᠲᠣᠨᠣᠭᠯᠠᠯ ᠤᠨ ᠦᠶᠯᠡᠳᠪᠦᠷᠢᠯᠡᠯ ᠤᠨ | ᠲᠠᠰᠤᠭ ᠲᠤ ᠬᠦᠷᠴᠦ᠂ ᠯᠠᠶᠢᠰᠧᠷ ᠮᠡᠷᠭᠡᠵᠢᠯ ᠤᠨ ᠠᠵᠤ ᠦᠶᠯᠡᠰ ᠤᠨ ᠬᠡᠷᠡᠭᠯᠡᠭᠡᠨ ᠤ ᠦᠵᠡᠭᠦᠯᠭᠡ ᠶᠢᠨ ᠪᠣᠳᠠᠰ ᠢ | ᠪᠠᠶᠢᠴᠠᠭᠠᠨ ᠦᠵᠡᠪᠡ᠃ ᠰᠢ ᠶᠢᠨ ᠫᠢᠩ᠂ ᠳᠡᠭᠡᠳᠦ ᠲᠡᠰ ᠤᠨ ᠦᠢᠯᠡᠳᠬᠦ ᠦᠢᠯᠡᠰ ᠪᠣᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠃ ᠮᠠᠨ ᠤ ᠤᠯᠤᠰ ᠤᠨ ᠦᠢᠯᠡᠳᠬᠦ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠢ ᠪᠦᠳᠦᠭᠡᠨ | ᠪᠠᠶᠢᠭᠤᠯᠬᠤ ᠳᠤ ᠡᠷᠬᠡᠪᠰᠢ ᠮᠡᠷᠭᠡᠵᠢᠯ ᠤᠨ ᠰᠤᠳᠤᠯᠤᠨ ᠨᠡᠭᠡᠭᠡᠯᠳᠡ ᠶᠢ ᠴᠢᠩᠭᠠᠳᠬᠠᠵᠤ᠂ ᠤᠯᠤᠰ ᠤᠨ ᠦᠢᠯᠡᠳᠪᠦᠷᠢᠯᠡᠯ ᠤᠨ | ᠣᠷᠣᠯᠠᠬᠤ ᠨᠤᠷᠮ᠎ᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ ᠥᠪᠡᠷ ᠤᠨ | ᠭᠠᠷ ᠲᠠᠭᠠᠨ ᠡᠵᠡᠮᠳᠡᠪᠡᠯ ᠤᠯᠤᠰ ᠣᠷᠣᠨ ᠰᠠᠶ᠋ᠢ ᠵᠢᠩᠬᠢᠨᠢ ᠪᠠᠷ ᠬᠦᠴᠦᠷᠬᠡᠭᠵᠢᠵᠦ ᠴᠢᠳᠠᠨ᠎ᠠ ᠬᠡᠵᠥ ᠴᠢᠬᠤᠯᠠᠴᠢᠯᠠᠪᠠ᠃ | | ᠦᠢᠯᠡᠳᠪᠦᠷᠢᠯᠠᠯ ᠤᠨ ᠲᠠᠰᠤᠭ ᠤᠨ ᠠᠰᠠᠷ ᠤᠨ ᠡᠮᠦᠨ᠎ᠡ᠂ ᠰᠢ ᠶᠢᠨ ᠫᠢᠩ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠪᠣᠯ ᠳᠡᠯᠡᠬᠡᠢ ᠶᠢᠨ ᠬᠤᠶᠠᠳᠤᠭᠠᠷ ᠲᠤᠮᠤ | ᠠᠵᠤ ᠠᠬᠤᠢ ᠶᠢᠨ ᠴᠣᠭᠴᠠ ᠪᠣᠯᠤᠨ᠎ᠠ᠂ ᠭᠡᠪᠡᠴᠦ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠂ ᠵᠠᠷᠢᠮ | ᠠᠵᠤ ᠦᠢᠯᠡᠰ ᠤᠨ ᠰᠠᠭᠤᠷᠢ ᠪᠠᠰᠠ ᠲᠡᠶᠢᠮᠦ ᠪᠠᠲᠤ ᠪᠠᠬᠢ ᠪᠢᠰᠢ᠂ ᠴᠢᠨᠠᠭᠰᠢᠳᠠ ᠬᠥᠭᠵᠢᠭᠦᠯᠬᠦ ᠳᠤ ᠡᠷᠬᠡᠪᠰᠢ ᠰᠢᠨ᠎ᠡ ᠶᠢ | ᠡᠭᠦᠳᠬᠦ ᠳᠤ ᠲᠦᠰᠢᠭᠯᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠶᠢ ᠡᠭᠦᠳᠬᠦ ᠪᠣᠯ ᠨᠢᠭᠡᠨ | ᠰᠢᠢᠳᠪᠦᠷᠢᠯᠡᠭᠴᠢ ᠴᠢᠨᠠᠷᠲᠠᠢ ᠡᠯᠧᠮᠧᠨ᠋ᠲ ᠮᠥᠨ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ | ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠠ | ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ ᠬᠡᠷᠪᠡ ᠮᠠᠨ ᠤ ᠬᠤᠳᠠ ᠨᠢᠭᠡ ᠪᠦᠷᠢ᠂ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠨᠢᠭᠡ ᠪᠦᠷᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ | ᠠᠬᠤᠶᠢᠯᠠᠯ ᠨᠢᠭᠡ ᠪᠦᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠨᠢᠭᠡ ᠪᠦᠷᠢ ᠴᠥᠮ ᠤᠯᠤᠰ ᠤᠨ | ᠲᠣᠭᠲᠠᠭᠠᠭᠰᠠᠨ ᠬᠥᠭᠵᠢᠯᠲᠡ ᠶᠢᠨ ᠴᠢᠭᠯᠡᠯ ᠤᠨ ᠲᠤᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠯᠠᠪᠳᠠᠭᠤᠨ ᠪᠠᠲᠤᠲᠠᠢ ᠪᠠᠷ ᠠᠬᠢᠭᠤᠯᠬᠤ ᠳᠤ ᠬᠦᠷᠪᠡᠯ᠂ ᠪᠢᠳᠡ ᠲᠣᠭᠲᠠᠭᠰᠠᠨ ᠬᠠᠷᠠᠯᠲᠠ ᠪᠠᠨ ᠯᠠᠪᠲᠠᠢ | ᠪᠡᠶᠡᠯᠡᠭᠦᠯᠵᠦ ᠴᠢᠳᠠᠬᠤ ᠶᠤᠮ᠃ ᠮᠠᠨ ᠤ ᠡᠨᠡ ᠦᠶ᠎ᠡ ᠶᠢᠨ ᠬᠥᠮᠦᠰ ᠡᠷᠬᠡᠪᠰᠢ ᠡᠨᠡ ᠬᠦ ᠢᠷᠠᠭᠤ ᠠᠯᠳᠠᠷᠲᠤ ᠡᠭᠦᠷᠭᠡ ᠶᠢ | ᠡᠭᠦᠷᠭᠡᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠢᠭᠡ ᠳᠤ | ᠣᠷᠣᠭᠤᠯᠤᠯᠲᠠ ᠳᠤ ᠲᠦᠰᠢᠭᠯᠡᠵᠦ᠂ ᠬᠤᠶᠠᠷ ᠲᠤ ᠴᠢᠳᠠᠪᠤᠷᠢᠲᠠᠨ ᠳᠤ ᠲᠦᠰᠢᠭᠯᠡᠬᠦ ᠬᠡᠷᠡᠭᠲᠡᠢ᠃ ᠠᠳᠡ ᠴᠥᠭᠡᠨ ᠪᠤᠰᠤ | ᠰᠢᠯᠢᠳᠡᠭ ᠴᠢᠳᠠᠪᠤᠷᠢᠲᠠᠨ ᠴᠤᠭᠯᠠᠷᠠᠭᠰᠠᠨ ᠢ ᠤᠯᠵᠤ ᠬᠠᠷᠠᠯ᠎ᠠ᠂ ᠣᠯᠠᠨ ᠢᠶᠠᠷ ᠢᠶᠠᠨ ᠪᠦᠷ ᠮᠠᠰᠢ ᠵᠠᠯᠠᠭᠤ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ᠂ ᠪᠢ ᠮᠠᠰᠢ ᠪᠠᠶᠠᠷᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠤ ᠦᠰᠦᠨ ᠪᠣᠶᠢᠵᠢᠯᠲᠠ ᠶᠢ ᠮᠠᠰᠢ ᠬᠠᠯᠠᠮᠵᠢᠯᠠᠵᠤ ᠪᠠᠶᠢᠨ᠎ᠠ᠂ ᠡᠯ᠎ᠡ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠰᠢᠭᠲᠠᠶ | ᠪᠠᠶᠢᠭᠤᠯᠤᠮᠵᠢ ᠲᠣᠭᠲᠠᠴᠠ ᠪᠠ ᠠᠵᠢᠯ ᠠᠮᠢᠳᠤᠷᠠᠯ ᠤᠨ ᠣᠷᠴᠢᠨ ᠨᠥᠬᠦᠴᠡᠯ ᠢ ᠠᠯᠢ ᠴᠢᠳᠠᠬᠤ ᠪᠠᠷ ᠡᠭᠦᠳᠴᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠡᠬᠡ ᠣᠷᠣᠨ ᠪᠠ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠬᠦ | ᠪᠣᠯᠭᠠᠬᠤ ᠬᠡᠷᠡᠭᠲᠡᠶ᠃ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠨᠡᠩ ᠶᠡᠭᠡ ᠠᠮᠵᠢᠯᠲᠠ ᠤᠯᠬᠤ ᠶᠢ ᠬᠦᠰᠡᠵᠦ | ᠪᠠᠶᠢᠨ᠎ᠠ ᠭᠡᠵᠤ ᠵᠢᠭᠠᠵᠤ ᠭᠠᠷᠭᠠᠪᠠ᠃ | ᠰᠢ ᠶᠢᠨ ᠫᠢᠩ ᠲᠠᠷᠠᠭ᠎ᠠ ᠨᠢ ᠳ᠋ᠦᠩ ᠬᠣ᠋ ᠳᠡᠭᠡᠳᠦ ᠰᠢᠨ᠎ᠡ ᠮᠡᠷᠬᠡᠵᠢᠯ ᠤᠨ ᠲᠣᠭᠤᠷᠢᠭ ᠤᠨ ᠽᠦᠸᠧ ᠯᠢᠩ ᠵᠡᠭᠡᠯᠢ | ᠭᠤᠳᠤᠮᠵᠢ ᠶᠢᠨ ᡁᠢ ᠶᠤᠸᠠᠨ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠤᠰ ᠨᠡᠶᠢᠭᠡᠮ ᠲᠣᠭᠤᠷᠢᠭ ᠪᠣᠯ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ | ᠪᠠᠶᠢᠭᠤᠯᠵᠤ ᠲᠠᠬᠢᠨ ᠪᠠᠶᠢᠭᠤᠯᠤᠬᠰᠡᠨ ᠰᠠᠭᠤᠭᠠᠯᠢ ᠠᠷᠠᠳ ᠤᠨ ᠲᠤᠭᠤᠷᠢᠭ ᠪᠠᠶᠢᠵᠤ᠂ ᠰᠢᠨ᠎ᠡ ᠲᠢᠲᠢᠮᠯᠢᠭ ᠠᠭᠤᠰᠭᠢᠨ | ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠲᠠᠷᠠᠭ᠎ᠠ᠂ ᠲᠠᠪᠤᠨ ᠱᠠᠲᠤᠨ ᠤ ᠳᠠᠭᠠᠭᠠᠴᠢᠯᠠᠯᠲᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢᠨ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠪᠠ ᠰᠡᠷᠭᠡᠶᠢᠯᠡᠨ ᠡᠵᠡᠮᠳᠡᠬᠦ | ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠨᠡᠶᠢᠭᠡᠮ ᠲᠣᠭᠤᠷᠢᠭ ᠤᠨ ᠲᠣᠭᠲᠠᠭᠤᠨ ᠪᠠᠲᠤᠯᠠᠭ᠎ᠠ ᠶᠢᠨ ᠰᠢᠰᠲ᠋ᠧᠮ ᠢ | ᠪᠦᠷᠢᠯᠳᠦᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠠᠵᠢᠯ ᠤᠨ ᠬᠡᠪ ᠤᠨ ᠪᠠᠶᠢᠳᠠᠯ ᠢ ᠰᠡᠷᠭᠦᠭᠡᠬᠦ ᠶᠢ ᠡᠮᠬᠢ | ᠵᠢᠷᠤᠮ ᠲᠠᠢ ᠠᠬᠢᠭᠤᠯᠪᠠ᠃ ᠬᠤᠪᠸᠢ ᠮᠤᠵᠢ ᠶᠢᠨ ᠪᠠᠶᠢᠩᠭᠤᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠬᠢᠵᠢᠭ ᠤᠨ ᠳᠠᠷᠠᠭᠠᠬᠢ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ | ᠳᠠᠷᠠᠭ᠎ᠠ᠂ ᠰᠢ ᠶᠢᠨ ᠫᠢᠩ᠂ 2020 ᠣᠨ ᠤ ᠦᠬᠠᠨ ᠢ ᠬᠠᠮᠠᠭᠠᠯᠠᠬᠤ ᠳᠠᠶᠢᠯᠠᠯᠳᠤᠭᠠᠨ ᠢᠯᠠᠯᠲᠠ ᠣᠯᠤᠭᠰᠠᠨ ᠠᠴᠠ | ᠨᠠᠭᠠᠰᠢ᠂ ᠦᠬᠠᠨ ᠳᠤ ᠪᠠᠰᠠ ᠣᠯᠠᠨ ᠤᠳᠠᠭ᠎ᠠ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠲᠤᠯᠭᠠᠷᠠᠭᠰᠠᠨ ᠪᠣᠯᠪᠠᠴᠤ | ᠮᠠᠰᠢ ᠲᠦᠷᠭᠡᠨ ᠡᠵᠡᠮᠳᠡᠵᠦ᠂ ᠶᠡᠭᠡ ᠬᠡᠪᠴᠢᠶ᠎ᠠ ᠪᠠᠷ ᠳᠠᠬᠢᠨ ᠳᠡᠯᠭᠡᠷᠡᠭᠰᠡᠨ ᠥᠬᠡᠶ᠃ ᠦᠬᠠᠨ ᠬᠤᠲᠠ ᠶᠢᠨ ᠬᠢᠨ | ᠪᠠᠶᠢᠡᠭᠭᠤᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠵᠡᠶ᠂ ᠲᠤᠷᠰᠢᠯᠭ᠎ᠠ ᠶᠢ | ᠳ᠋ᠦᠩᠨᠡᠭᠦᠰᠢᠲᠡᠶ ᠶᠤᠮ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠴᠢᠭᠯᠡᠯᠲᠡ ᠲᠦᠷᠦ ᠶᠢᠨ ᠪᠤᠳᠤᠯᠭ᠎ᠠ ᠪᠣᠯ ᠵᠥᠪ᠂ ᠪᠦᠲᠦᠮᠵᠢᠲᠡᠢ ᠶᠤᠮ᠂ ᠡᠷᠬᠡᠪᠰᠢ ᠡᠷᠡᠰ ᠭᠤᠶᠢᠪᠢᠰᠢ ᠦᠭᠡᠢ ᠪᠠᠷ | ᠪᠠᠷᠢᠮᠲᠠᠯᠠᠬᠤ ᠬᠡᠷᠡᠭᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠤ ᠴᠢᠬᠤᠯᠠᠴᠢᠯᠠᠪᠠ᠃ | ᠰᠢ ᠶᠢᠨ ᠫᠢᠩ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠴᠢᠳ ᠤᠨ ᠲᠢᠩᠬᠢᠮ ᠳᠤ ᠬᠦᠷᠴᠦ᠂ ᠨᠡᠶᠢᠭᠡᠮ | ᠲᠣᠭᠤᠷᠢᠭ ᠤᠨ ᠠᠵᠢᠯᠲᠠᠨ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠨᠠᠮ ᠤᠨ ᠭᠡᠰᠢᠭᠦᠨ ᠺᠠᠳ᠋ᠷ᠂ ᠰᠠᠶᠢᠨ | ᠳᠤᠷᠠᠴᠤᠳ ᠠᠴᠠ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠲᠡᠳᠡᠨ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ | ᠬᠠᠰᠢᠯᠭ᠎ᠠ ᠪᠠᠨ ᠪᠠᠬᠢᠯᠡᠵᠦ᠂ ᠰᠠᠭᠤᠭᠠᠯᠢ ᠠᠷᠠᠳ ᠲᠤ ᠰᠠᠨᠠᠭ᠎ᠠ ᠠᠮᠤᠷ ᠦᠯᠵᠠᠢ ᠪᠡᠯᠭᠡ ᠲᠠᠢ ᠠᠮᠢᠳᠤᠷᠠᠯ ᠤᠨ ᠣᠷᠴᠢᠨ | ᠲᠣᠭᠤᠷᠢᠨ ᠢ ᠪᠣᠶ ᠪᠣᠯᠭᠠᠭᠠᠷᠠᠶ ᠭᠡᠵᠦ ᠵᠣᠷᠢᠭᠵᠢᠭᠤᠯᠪᠠ᠃ ᠰᠢ ᠶᠢᠨ ᠫᠢᠩ ᠨᠡᠶᠢᠭᠡᠮ ᠲᠣᠭᠤᠷᠢᠭ ᠲᠤ ᠶᠠᠪᠤᠬᠤ ᠶᠢᠨ ᠳᠠᠭᠠᠤ | ᠦᠵᠡᠵᠦ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠪᠥᠭᠡᠮ ᠬᠦᠴᠢᠯ ᠤᠨ ᠥᠯᠢᠭᠡᠷ ᠠᠪᠬᠤ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠤᠲᠠᠯᠠᠵᠤ ᠪᠠᠶᠢᠬᠤ ᠪᠠᠨ | ᠢᠯᠡᠳᠭᠡᠪᠡ᠃ ᠰᠢ ᠶᠢᠨ ᠫᠢᠩ᠂ ᠬᠢᠵᠢᠭ ᠤᠨ ᠪᠠᠶᠢᠳᠠᠯ ᠢ ᠠᠷᠭᠠᠴᠠᠭᠠᠬᠤ ᠲᠡᠮᠡᠴᠡᠯ ᠳᠤᠮᠳᠠ᠂ ᠪᠠᠴᠢᠮ ᠪᠠᠶᠢᠳᠠᠯ ᠢ | ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠴᠤ ᠲᠡᠷᠡ᠂ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠠᠵᠢᠯ ᠴᠤ | ᠲᠡᠷᠡ᠂ ᠨᠡᠶᠢᠭᠡᠮ ᠲᠣᠭᠤᠷᠢᠭ ᠪᠦᠷ ᠮᠠᠰᠢ ᠴᠢᠬᠤᠯᠠ ᠦᠢᠯᠡᠳᠦᠯ ᠦᠵᠡᠭᠦᠯᠵᠡᠢ᠃ ᠶᠡᠷᠦᠩᠬᠡᠢ ᠳᠤᠨᠢ ᠠᠪᠴᠤ ᠬᠡᠯᠡᠪᠡᠯ᠂ ᠡᠷᠲᠡ | ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠳᠤ ᠲᠦᠰᠢᠭᠯᠡᠬᠦ ᠬᠡᠷᠡᠭᠲᠡᠢ᠂ ᠥᠷᠭᠡᠨ ᠤᠯᠠᠨ ᠠᠷᠠᠳ ᠲᠦᠮᠡᠨ ᠤ ᠰᠡᠳᠭᠢᠯ | ᠨᠢᠭᠡᠳᠦᠨ ᠬᠦᠴᠦ ᠪᠠᠨ ᠬᠠᠮᠲᠤᠳᠬᠠᠬᠤ ᠳᠤ ᠲᠦᠰᠢᠭᠯᠡᠬᠦ ᠬᠡᠷᠡᠭᠲᠡᠢ᠂ ᠨᠡᠶᠢᠭᠡᠮ ᠲᠣᠭᠤᠷᠢᠭ ᠭᠡᠬᠦ ᠡᠨᠡ ᠬᠦ ᠴᠢᠬᠤᠯᠠ | ᠰᠠᠭᠤᠷᠢ ᠳᠤ ᠲᠦᠰᠢᠭᠯᠡᠬᠦ ᠬᠡᠷᠡᠭᠲᠡᠢ᠃ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠵᠠᠪᠠᠯ ᠡᠷᠡᠰ ᠰᠢᠭᠤᠷᠬᠠᠢ᠂ | ᠲᠠᠲᠠᠭᠠᠯᠵᠠᠵᠤ ᠪᠣᠯᠬᠤ ᠦᠭᠡᠢ᠂ ᠰᠢᠨᠵᠢᠯᠡᠬᠦ ᠤᠬᠠᠭᠠᠨᠴᠢ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢᠶᠠᠨ | ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠭᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠤ | ᠴᠢᠬᠤᠯᠠᠴᠢᠯᠠᠪᠠ᠃ | ᡁᠢ ᠶᠤᠸᠠᠨ ᠨᠡᠶᠢᠭᠡᠮ ᠲᠣᠭᠤᠷᠢᠭ ᠨᠢ ᠨᠠᠰᠤᠵᠢᠯ ᠤᠨ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠨᠠᠰᠤᠵᠢᠯ ᠤᠨ | ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠬᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ | ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠬᠦ ᠪᠠ ᠰᠤᠪᠢᠯᠠᠬᠤ ᠶᠢ | ᠤᠶᠠᠯᠳᠤᠭᠤᠯᠤᠭᠰᠠᠨ ᠨᠠᠰᠤᠵᠢᠯ ᠤᠨ ᠦᠶᠯᠡᠴᠢᠯᠡᠭᠡᠨ ᠤ ᠵᠠᠭᠪᠤᠷ ᠢ ᠪᠠᠶᠢᠭᠤᠯᠪᠠ᠃ ᠨᠡᠶᠢᠭᠡᠮ ᠲᠣᠭᠤᠷᠢᠭ ᠤᠨ ᠨᠠᠮ ᠪᠠ ᠣᠯᠠᠨ | ᠲᠦᠮᠡᠨ ᠤ ᠦᠶᠯᠡᠴᠢᠯᠡᠭᠡᠨ ᠤ ᠲᠥᠪ ᠲᠤ᠂ ᠰᠢ ᠶᠢᠨ ᠫᠢᠩ ᠨᠡᠶᠢᠭᠡᠮ ᠲᠣᠭᠤᠷᠢᠭ ᠤᠨ ᠠᠵᠢᠯᠲᠠᠳ ᠠᠴᠠ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠵᠠᠰᠠᠯᠲᠠ ᠵᠢᠴᠢ ᠠᠷᠠᠳ ᠲᠤ ᠲᠥᠬᠦᠮ ᠦᠵᠡᠭᠦᠯᠬᠦ | ᠦᠶᠯᠡᠴᠢᠯᠡᠭᠡ ᠶᠢ ᠬᠥᠲᠥᠯᠥᠨ ᠳᠠᠭᠠᠭᠤᠯᠤᠭᠰᠠᠨ ᠪᠠᠶᠢᠳᠠᠯ ᠵᠡᠷᠭᠡ ᠶᠢ ᠣᠶᠢᠯᠠᠭᠠᠭᠰᠠᠨ ᠪᠥᠭᠡᠳ ᠠᠵᠢᠯ ᠶᠠᠪᠤᠳᠠᠯ | ᠭᠦᠶᠴᠡᠳᠭᠡᠬᠦ ᠪᠠᠷ ᠢᠷᠡᠭᠰᠡᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠡᠷ ᠪᠦᠯᠢ ᠶᠢᠨ ᠪᠠᠶᠢᠳᠠᠯ ᠢ | ᠨᠠᠷᠢᠨ ᠠᠰᠠᠭᠤᠪᠠ᠃ ᠰᠢ ᠶᠢᠨ ᠫᠢᠩ᠂ ᠨᠡᠶᠢᠭᠡᠮ ᠲᠣᠭᠤᠷᠢᠭ ᠪᠣᠯ ᠬᠤᠳᠠ ᠶᠢᠨ ᠵᠠᠰᠠᠯᠲᠠ ᠶᠢᠨ ᠰᠢᠰᠲ᠋ᠧᠮ ᠤᠨ ᠦᠨᠳᠦᠰᠦᠨ | ᠨᠢᠭᠡᠴᠢ ᠪᠣᠯᠤᠨ᠎ᠠ᠃ ᠮᠠᠨ ᠤ ᠤᠯᠤᠰ ᠤᠨ ᠤᠯᠤᠰ ᠤᠨ ᠵᠠᠰᠠᠯᠲᠠ ᠶᠢᠨ ᠰᠢᠰᠲ᠋ᠧᠮ ᠤᠨ ᠨᠢᠭᠡ ᠳᠠᠪᠠᠭᠤᠯᠢᠭ ᠪᠣᠯ ᠳᠠᠷᠤᠢ | ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠰᠠᠭᠤᠷᠢ ᠶᠢ ᠪᠠᠲᠤ ᠴᠣᠭᠴᠠᠯᠠᠬᠤ ᠶᠠᠪᠤᠳᠠᠯ ᠪᠣᠯᠤᠨ᠎ᠠ᠃ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠵᠠᠰᠠᠯᠲᠠ ᠳᠤᠮᠳᠠᠬᠢ ᠤᠳᠤᠷᠢᠳᠬᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ᠃ ᠨᠡᠩ ᠤᠯᠠᠨ ᠡᠬᠢ ᠪᠠᠶᠠᠯᠢᠭ ᠢ ᠨᠡᠶᠢᠭᠡᠮ ᠲᠣᠭᠤᠷᠢᠭ ᠲᠤ ᠪᠠᠭᠤᠯᠭᠠᠵᠤ᠂ ᠠᠵᠢᠯ ᠤᠨ ᠬᠦᠴᠦᠨ ᠢᠶᠠᠨ | ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠪᠣᠯᠤᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠳᠠ ᠶᠢᠨ ᠵᠠᠰᠠᠯᠲᠠ ᠶᠢᠨ | ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ᠂ ᠺᠠᠳ᠋ᠷ ᠤᠯᠠᠨ ᠲᠦᠮᠡᠨ ᠬᠦᠷᠢᠶᠡᠯᠡᠨ ᠢᠷᠡᠵᠤ᠂ ᠶᠡᠷᠦᠩᠬᠡᠢ | ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ᠂ ᠪᠢ ᠦᠬᠠᠨ ᠤ ᠠᠷᠠᠳ ᠲᠦᠮᠡᠨ ᠤ ᠲᠥᠯᠥᠭᠡ | ᠰᠠᠨᠠᠭᠠᠰᠢᠷᠠᠵᠤ᠂ ᠬᠤᠶᠠᠷ ᠵᠢᠯ ᠠᠯᠤᠰᠯᠠᠭᠠᠳ ᠦᠬᠠᠨ ᠭᠡᠬᠦ ᠡᠨᠡ ᠬᠦ ᠪᠠᠭᠠᠲᠤᠷᠯᠢᠭ ᠬᠤᠳᠠ ᠳᠤ ᠳᠠᠬᠢᠨᠲᠠ ᠢᠷᠡᠵᠤ | ᠤᠯᠠᠨ ᠢ ᠪᠣᠯᠭᠤᠭᠠᠨ ᠦᠵᠡᠪᠡ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠷᠭᠡᠨ ᠤᠯᠠᠨ ᠨᠡᠶᠢᠭᠡᠮ | ᠲᠣᠭᠤᠷᠢᠭ ᠤᠨ ᠠᠵᠢᠯᠳᠠᠨ ᠤᠷᠳᠤ ᠬᠤᠭᠤᠴᠠᠭ᠎ᠠ ᠪᠠᠷ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ᠂ ᠶᠡᠭᠡ | ᠬᠡᠮᠵᠢᠶᠡᠨ ᠤ ᠶᠠᠷᠰᠢᠭ ᠲᠦᠪᠡᠭ ᠲᠠᠢ ᠪᠣᠳᠠᠲᠠᠢ ᠠᠵᠢᠯ ᠢ ᠡᠭᠦᠷᠭᠡᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ | ᠦᠨᠡᠨ ᠰᠡᠳᠭᠢᠯ ᠠᠴᠠ ᠪᠠᠨ ᠦᠢᠯᠡᠴᠢᠯᠡᠵᠦ᠂ ᠮᠠᠰᠢ ᠵᠦᠳᠡᠷᠡᠯᠲᠡᠢ ᠪᠠᠶᠢᠵᠤ᠂ ᠪᠠᠯᠠᠷᠠᠰᠢ ᠦᠭᠡᠢ ᠭᠠᠪᠢᠶ᠎ᠠ ᠵᠢᠳᠬᠦᠯ | ᠦᠵᠡᠭᠦᠯᠦᠭᠰᠡᠨ ᠶᠤᠮ᠃ ᠠᠳᠡ ᠪᠢ ᠲᠠ ᠪᠦᠬᠦᠨ ᠳᠤ ᠲᠡᠷᠡᠴᠢᠯᠡᠨ ᠪᠦᠬᠦ ᠤᠯᠤᠰ ᠤᠨ ᠥᠷᠭᠡᠨ ᠤᠯᠠᠨ ᠨᠡᠶᠢᠭᠡᠮ | ᠲᠣᠭᠤᠷᠢᠭ ᠤᠨ ᠠᠵᠢᠯᠳᠠᠨ ᠢ ᠴᠢᠩ ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠭᠡᠶ᠎ᠡ ᠭᠡᠵᠦ ᠤᠯᠠᠨ ᠳᠤ | ᠬᠡᠯᠡᠪᠡ᠃ | ᠰᠢ ᠶᠢᠨ ᠫᠢᠩ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯ ᠨᠢᠭᠡ ᠤᠳᠠᠭ᠎ᠠ ᠶᠢᠨ | ᠶᠡᠭᠡ ᠰᠢᠯᠭᠠᠯᠲᠠ ᠮᠥᠨ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ | ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ | ᠵᠣᠬᠢᠴᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠮᠠᠭᠠᠯᠠᠪᠠ᠃ ᠮᠠᠨ ᠤ ᠤᠯᠤᠰ ᠤᠨ ᠬᠥᠮᠦᠨ ᠠᠮᠠ ᠶᠢᠨ ᠰᠠᠭᠤᠷᠢ ᠲᠤᠭ᠎ᠠ ᠶᠡᠭᠡ᠂ ᠬᠡᠷᠪᠡ ︽ ᠬᠠᠮᠲᠤ ᠶᠢᠨ | ᠡᠭᠡᠯᠢᠯᠡᠭᠡ︾᠂ ︽ᠬᠠᠷᠠᠵᠥ ᠰᠠᠭᠤᠭᠠᠳ ᠬᠠᠶᠠᠨ ᠳᠤ ᠨᠢ ᠬᠠᠶᠠᠬᠤ︾ ᠵᠡᠷᠭᠡ ᠰᠡᠷᠭᠡᠶᠢᠯᠡᠨ ᠡᠵᠡᠮᠳᠡᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠥᠭᠰᠡᠨ ᠪᠤᠯ ᠦᠷ᠎ᠡ ᠳ᠋ᠦᠩ ᠨᠢ ᠰᠡᠳᠭᠢᠭᠳᠡᠰᠢ ᠥᠬᠡᠶ ᠪᠤᠯᠬᠤ ᠶᠤᠮ᠃ ᠪᠢᠳᠡ ᠡᠪᠡᠳᠴᠢᠨ ᠤ | ᠵᠢᠱᠢᠶ᠎ᠠ ᠶᠢ ᠦᠭᠡᠢ ᠪᠤᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠨᠠᠮ ᠤᠨ ᠲᠥᠪ ᠬᠤᠷᠢᠶ᠎ᠠ ᠨᠠᠮ ᠤᠨ | ᠰᠢᠨᠵᠢ ᠴᠢᠨᠠᠷ ᠵᠣᠷᠢᠯᠲᠠ ᠠᠴᠠ ᠡᠭᠦᠰᠴᠦ᠂ ᠮᠠᠨ ᠤ ᠤᠯᠤᠰ ᠤᠨ ᠤᠯᠤᠰ ᠤᠨ ᠪᠠᠶᠢᠳᠠᠯ ᠠᠴᠠ ᠡᠭᠦᠰᠴᠦ ᠲᠣᠭᠲᠠᠭᠠᠭᠰᠠᠨ | ᠶᠤᠮ᠂ ᠠᠵᠤ ᠠᠬᠤᠶ ᠶᠢᠨ ᠬᠥᠭᠵᠢᠯᠲᠡ ᠶᠢ ᠲᠦᠷ ᠴᠠᠭ ᠵᠢᠭᠠᠬᠠᠨ ᠨᠥᠯᠥᠭᠡᠯᠡᠭᠰᠡᠨ ᠴᠦ ᠠᠷᠠᠳ ᠣᠯᠠᠨ ᠤ ᠠᠮᠢ ᠨᠠᠰᠤᠨ ᠤ | ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠤᠬᠢᠷᠠᠭᠤᠯᠵᠤ ᠪᠣᠯᠬᠤ ᠥᠬᠡᠶ᠂ ᠢᠯᠠᠩᠭᠤᠶ᠎ᠠ | ᠨᠠᠰᠤᠲᠠᠶᠢᠴᠤᠳ᠂ ᠬᠡᠦᠬᠡᠳ ᠢ ᠰᠠᠶᠢᠲᠤᠷ ᠬᠠᠮᠠᠭᠠᠯᠠᠬᠤ ᠬᠡᠷᠡᠭᠲᠡᠶ᠃ ᠬᠡᠷᠪᠡ ᠶᠡᠷᠦᠩᠬᠡᠶ ᠳᠠᠩᠰᠠ ᠶᠢ ᠪᠤᠳᠤᠪᠠᠯ᠂ ᠮᠠᠨ ᠤ | ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠣᠯ ᠬᠠᠮᠤᠭ ᠤᠨ ᠬᠢᠮᠳᠠ᠂ ᠦᠷ᠎ᠡ ᠪᠦᠲᠦᠮᠵᠢ ᠪᠠᠷ ᠬᠠᠮᠤᠭ ᠤᠨ ᠰᠠᠶᠢᠨ ᠶᠤᠮ᠃ | ᠪᠢᠳᠡᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠠᠢ᠂ ᠨᠡᠶᠢᠭᠡᠮ ᠲᠣᠭᠤᠷᠢᠭ ᠭᠡᠬᠦ ᠡᠨᠡ ᠬᠦ | ᠴᠢᠬᠤᠯᠠ ᠦᠨᠳᠦᠰᠦᠨ ᠱᠠᠲᠤᠨ ᠤ ᠰᠠᠭᠤᠷᠢ ᠲᠠᠢ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠳᠤ ᠴᠢᠳᠠᠪᠤᠷᠢ ᠲᠠᠢ ᠮᠥᠷᠲᠡᠭᠡᠨ ᠪᠣᠳᠠᠲᠤ ᠬᠦᠴᠦᠨ ᠲᠠᠢ ᠪᠠᠶᠢᠵᠤ᠂ ᠡᠴᠦᠰ ᠲᠤ ᠪᠠᠨ | ᠢᠯᠠᠯᠲᠠ ᠶᠢ ᠣᠯᠬᠤ ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠬᠢᠵᠢᠭ ᠤᠨ ᠪᠠᠶᠢᠳᠠᠯ ᠬᠠᠷᠠᠬᠠᠨ ᠠᠷᠢᠯᠤᠭᠠᠳᠤᠢ᠂ ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ ᠳᠠᠷᠤᠯᠲᠠ ᠪᠠᠰᠠ ᠮᠠᠰᠢ ᠶᠡᠭᠡ | ᠪᠠᠶᠢᠨ᠎ᠠ᠃ ᠪᠠᠷᠢᠮᠲᠠᠯᠠᠯ ᠪᠣᠯ ᠢᠯᠠᠯᠲᠠ ᠮᠦᠨ᠃ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠰᠤᠯᠠᠷᠠᠬᠤ | ᠰᠡᠳᠭᠢᠯᠭᠡ ᠶᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ | ᠠᠳᠬᠤᠨ ᠨᠠᠷᠢᠯᠢᠭ ᠠᠳᠬᠤᠬᠤ ᠶᠢᠨ ᠬᠠᠮᠲᠤ ᠠᠵᠤ ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ ᠶᠢ ᠠᠯᠢ ᠴᠢᠳᠠᠬᠤ ᠪᠠᠷ | ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠭ᠎ᠠ ᠪᠤᠳᠤᠨ ᠠᠷᠠᠳ | ᠤᠯᠠᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠢ ᠶᠢᠨ ᠬᠥᠭᠵᠢᠯᠲᠡ ᠪᠠ ᠠᠷᠠᠳ | ᠤᠯᠠᠨ ᠤ ᠦᠢᠯᠡᠳᠪᠦᠷᠢᠯᠡᠯ ᠠᠮᠢᠳᠤᠷᠠᠯ ᠳᠤ ᠪᠠᠭ᠎ᠠ ᠨᠥᠯᠥᠭᠡ ᠦᠵᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠢᠳᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ | ᠨᠢᠭᠡᠳᠦᠯᠲᠡᠢ ᠲᠥᠯᠥᠪᠵᠢᠭᠦᠯᠬᠦ ᠳᠤ ᠢᠲᠡᠭᠡᠯ ᠲᠠᠢ ᠪᠠᠶᠢᠨ᠎ᠠ᠂ ᠡᠨᠡ ᠵᠢᠯ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ | ᠨᠡᠯᠢᠶᠡᠳ ᠰᠠᠶᠢᠨ ᠲᠦᠪᠰᠢᠨ ᠳᠤ ᠬᠦᠷᠬᠦ ᠪᠠᠷ ᠴᠢᠷᠮᠠᠶᠢᠬᠤ ᠬᠡᠷᠡᠭᠳᠡᠢ ᠭᠡᠵᠦ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ | | | | | | | | | | | | | | | | | | | | | | | | | | | |