ᠵᠠᠩ ᠴᠢ ᠬᠠᠩ  ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ  ᠬᠤᠷᠢᠶ᠎ᠠ ᠶᠢᠨ ᠠᠯᠪᠠᠨ ᠭᠡᠷ ᠤᠨ  ᠡᠷᠬᠢᠯᠡᠭᠴᠢ
ᠨᠡᠶᠢᠲᠡᠯᠡᠭᠰᠡᠨ ᠴᠠᠭ᠄
2022/8/12
 
 
  ᠵᠠᠩ ᠴᠢ ᠬᠠᠩ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠲᠦᠷᠦᠵᠠᠢ᠂  ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1998 ᠣᠨ ᠤ 8 ᠰᠠᠷ᠎ᠠ ᠳᠤ ᠠᠵᠢᠯ ᠳᠤ ᠭᠠᠷᠴᠤ᠂ 2003  ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠣᠳᠣ ᠳᠤᠮᠳᠠᠳᠤ ᠤᠯᠤᠰ ᠤᠨ ᠡᠪ  ᠬᠠᠮᠲᠤ ᠨᠠᠮ ᠤᠨ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ  ᠨᠠᠮ ᠤᠨ  ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ᠃            ᠲᠣᠪᠴᠢ ᠨᠠᠮᠲᠠᠷ᠄            1998.08 — 2005.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ  ᠭᠤᠷᠪᠠᠨᠬᠤᠸᠠ ᠰᠢᠶᠠᠩ ᠤᠨ ᠮᠠᠯ ᠠᠵᠤ ᠠᠬᠤᠢ ᠶᠢᠨ ᠦᠷᠳᠡᠭᠡ ᠶᠢᠨ ᠨᠢᠭᠲᠠᠯᠠᠨ ᠪᠤᠳᠤᠭᠴᠢ᠂  ᠤᠰᠤᠨ ᠠᠰᠢᠭᠯᠠᠯᠲᠠ ᠶᠢᠨ ᠦᠷᠳᠡᠭᠡ ᠶᠢᠨ ᠪᠡᠯᠡᠨ ᠵᠣᠭᠤᠰ᠂ ᠲᠠᠷᠢᠶᠠᠯᠠᠩ ᠤᠨ ᠦᠷᠳᠡᠭᠡ ᠶᠢᠨ ᠳᠡᠳ᠋ ᠳᠠᠷᠤᠭ᠎ᠠ᠂  ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠨᠠᠷᠢᠨ ᠪᠢᠴᠢᠭᠡᠴᠢ            2005.04 — 2006.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ ᠭᠤᠷᠪᠠᠨᠬᠤᠸᠠ ᠰᠢᠶᠠᠩ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠭᠡᠰᠢᠭᠦᠨ            2006.01 — 2008.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ ᠭᠤᠷᠪᠠᠨᠬᠤᠸᠠ ᠰᠢᠶᠠᠩ ᠤᠨ ᠵᠠᠰᠠᠭ ᠵᠠᠬᠢᠷᠭᠠᠨ ᠤ ᠨᠠᠷᠢᠨ ᠪᠢᠴᠢᠭᠡᠴᠢ᠂ ᠰᠠᠬᠢᠯᠭ᠎ᠠ ᠪᠠᠲᠤ ᠪᠠᠶᠢᠴᠠᠭᠠᠬᠤ  ᠭᠡᠰᠢᠭᠦᠨ᠂ ᠡᠳ᠋ ᠤᠨ ᠵᠠᠰᠠᠭ ᠤᠨ ᠭᠠᠵᠠᠷ ᠤᠨ ᠳᠡᠳ᠋ ᠳᠠᠷᠤᠭ᠎ᠠ            2008.11 — 2011.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ ᠭᠤᠷᠪᠠᠨᠬᠤᠸᠠ ᠰᠢᠶᠠᠩ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋  ᠳᠠᠷᠤᠭ᠎ᠠ            2011.11 — 2013.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ ᠭᠤᠷᠪᠠᠨᠬᠤᠸᠠ ᠰᠢᠶᠠᠩ ᠤᠨ ᠨᠠᠮ ᠤᠨ ᠬᠤᠷᠢᠶ᠎ᠠ ᠶᠢᠨ ᠳᠡᠳ᠋ ᠱᠦᠵᠢ            2013.07 — 2013.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ ᠨᠠᠮ ᠤᠨ  ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ            2013.12 — 2015. 12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ ᠨᠠᠮ ᠤᠨ  ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠪᠥᠭᠡᠳ ᠲᠠᠷᠢᠶᠠᠯᠠᠩ ᠮᠠᠯ ᠠᠵᠤ  ᠠᠬᠤᠢ ᠶᠢᠨ ᠶᠠᠮᠤᠨ ᠤ ᠳᠡᠳ᠋ ᠰᠠᠶᠢᠳ            2015. 12 — 2018.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ ᠰᠠᠯᠪᠤᠷᠢ ᠰᠢᠶᠠᠩ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ  ᠰᠢᠶᠠᠩ ᠤᠨ ᠳᠠᠷᠤᠭ᠎ᠠ            2018.05 — 2019.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ  ᠰᠠᠯᠪᠤᠷᠢ ᠰᠢᠶᠠᠩ ᠤᠨ ᠨᠠᠮ ᠤᠨ ᠬᠤᠷᠢᠶ᠎ᠠ ᠶᠢᠨ ᠱᠦᠵᠢ᠂ ᠵᠡᠪᠰᠡᠭᠲᠦ ᠬᠦᠴᠦᠨ ᠤ ᠬᠡᠯᠲᠡᠰ ᠤᠨ  ᠨᠢᠭᠡᠳᠦᠭᠡᠷ ᠰᠠᠶᠢᠳ            2019.07 — 2020.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ  ᠰᠠᠯᠪᠤᠷᠢ ᠰᠢᠶᠠᠩ ᠤᠨ ᠨᠠᠮ ᠤᠨ  ᠬᠤᠷᠢᠶ᠎ᠠ ᠶᠢᠨ ᠱᠦᠵᠢ᠂ ᠵᠡᠪᠰᠡᠭᠲᠦ ᠬᠦᠴᠦᠨ ᠤ ᠬᠡᠯᠲᠡᠰ ᠤᠨ  ᠤᠯᠤᠰ ᠲᠦᠷᠦ ᠶᠢᠨ ᠵᠢᠭᠠᠨ ᠵᠢᠯᠤᠭᠤᠳᠤᠭᠴᠢ            2020.08 — 2021.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ  ᠰᠠᠯᠪᠤᠷᠢ ᠰᠢᠶᠠᠩ ᠤᠨ ᠨᠠᠮ ᠤᠨ  ᠬᠤᠷᠢᠶ᠎ᠠ ᠶᠢᠨ ᠱᠦᠵᠢ᠂ ᠵᠡᠪᠰᠡᠭᠲᠦ ᠬᠦᠴᠦᠨ ᠤ ᠬᠡᠯᠲᠡᠰ ᠤᠨ  ᠤᠯᠤᠰ ᠲᠦᠷᠦ ᠶᠢᠨ ᠵᠢᠭᠠᠨ ᠵᠢᠯᠤᠭᠤᠳᠤᠬᠴᠢ ᠪᠥᠭᠡᠳ  ᠰᠠᠯᠪᠤᠷᠢ ᠰᠢᠶᠠᠩ ᠤᠨ ᠨᠠᠮ ᠤᠯᠠᠨ ᠲᠦᠮᠡᠨ ᠤ  ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠪᠠ            2021.04 — 2021.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ  ᠬᠤᠰᠢᠭᠤᠨ ᠤ  ᠰᠠᠯᠪᠤᠷᠢ ᠰᠢᠶᠠᠩ ᠤᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ            2021.07 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠤᠬᠠᠨ ᠬᠤᠰᠢᠭᠤᠨ ᠤ  ᠨᠠᠮ ᠤᠨ ᠬᠤᠷᠢᠶ᠎ᠠ‌‍ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ  ᠡᠷᠬᠢᠯᠡᠭᠴᠢ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号