ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 2022 ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠳᠠᠪᠤᠷᠢᠲᠠᠨ ᠤ ᠨᠥᠭᠡᠴᠡ᠂ ᠵᠠᠯᠠᠭᠤᠴᠤᠳ ᠤᠨ ᠳᠠᠳᠤᠯᠭ᠎ᠠ ᠶᠢᠨ ᠨᠢᠭᠡᠴᠡ ᠶᠢ ᠲᠣᠭᠲᠠᠭᠠᠬᠤ ᠲᠤᠬᠠᠶ  ᠠᠯᠪᠠᠨ ᠵᠠᠷ
ᠨᠡᠶᠢᠲᠡᠯᠡᠭᠰᠡᠨ ᠴᠠᠭ᠄
2022/8/15
     ᠡᠯ᠎ᠡ ᠬᠠᠮᠢᠶ᠎ᠠ ᠪᠥᠬᠦᠶ ᠨᠢᠭᠡᠴᠡ᠂ ᠥᠩᠭᠡᠷᠡᠭᠰᠡᠨ ᠬᠤᠭᠤᠴᠠᠭᠠᠨ ᠤ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠲᠤ᠄    ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠳᠠᠳᠤᠯᠭ᠎ᠠ ᠶᠢᠨ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ﹀ ᠢ ᠳᠠᠮᠵᠢᠭᠤᠯᠤᠨ ᠲᠠᠷᠬᠠᠭᠠᠬᠤ ᠮᠡᠳᠡᠭᠳᠡᠯ︾ ︵ ᠤᠯᠠᠭᠠᠨᠬᠠᠳᠠ ᠬᠥᠮᠦᠨ ᠨᠡᠶᠢᠭᠡᠮ ᠲᠠᠷᠬᠠᠭᠠᠭᠰᠠᠨ ︹ 2019 ︺ 14  ᠳ᠋ᠤᠭᠡᠷ ᠲᠣᠭᠠᠲᠤ︶ ᠪᠣᠯᠤᠨ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠤᠨ ᠲᠥᠯᠥᠪᠯᠡᠭᠡ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠨᠡᠶᠢᠭᠡᠮ  ᠤᠨ ᠢᠲᠡᠭᠡᠯ ᠬᠦᠨᠳᠦ ᠰᠠᠶᠢᠨ ᠪᠠᠶᠢᠬᠤ︾᠂ ︽ᠳᠡᠭᠡᠳᠦ ᠰᠤᠷᠭᠠᠭᠤᠯᠢ ᠲᠡᠭᠦᠰᠦᠭᠰᠡᠳ ᠲᠤ ᠤᠷᠳᠤ ᠬᠤᠭᠤᠴᠠᠭ᠎ᠠ ᠪᠠᠷ ᠠᠵᠢᠯ ᠣᠯᠭᠤᠬᠤ ᠠᠵᠢᠯ  ᠤᠨ ᠪᠠᠶᠢᠷᠢ ᠬᠠᠩᠭᠠᠬᠤ ᠶᠢᠨ ᠬᠠᠮᠲᠤ ᠵᠣᠬᠢᠬᠤ ᠬᠡᠪᠴᠢᠶ᠎ᠡ ᠪᠣᠯᠤᠨ ᠲᠤᠭ᠎ᠠ ᠬᠡᠮᠵᠢᠶ᠎ᠡ ᠳᠤ ᠬᠦᠷᠦᠭᠦᠯᠬᠦ︾᠂ ︽ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠴᠢᠳᠠᠪᠤᠷᠢ ᠶᠢ ᠪᠦᠷᠢᠳᠦᠭᠦᠯᠬᠦ︾ ᠵᠡᠷᠭᠡ ᠨᠥᠬᠦᠴᠡᠯ  ᠢ ᠦᠨᠳᠦᠰᠦᠯᠡᠨ᠎ᠡ᠃ ᠨᠢᠭᠡᠴᠡ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠬᠠᠮᠲᠤᠷᠠᠭᠰᠠᠨ ᠬᠤᠷᠠᠯ ᠢᠶᠠᠷ ᠰᠤᠳᠤᠯᠬᠤ ᠪᠠᠷ ᠳᠡᠮᠵᠢᠨ᠂ ᠡᠳᠦᠭᠡ ᠲᠣᠭᠲᠠᠭᠠᠭᠰᠠᠨ 2022 ᠣᠨ ᠤ ᠴᠢᠳᠠᠪᠤᠷᠢᠲᠠᠨ ᠤ ᠨᠥᠭᠡᠴᠡ ᠶᠢ ᠵᠠᠯᠠᠭᠤᠴᠤᠳ ᠤᠨ ᠳᠠᠳᠤᠯᠭ᠎ᠠ ᠶᠢᠨ ᠨᠢᠭᠡᠴᠡ ᠳᠣᠤᠷᠠᠬᠢ ᠮᠡᠲᠦ ᠵᠠᠷᠯᠠᠶ᠎ᠠ᠄    ᠴᠢᠳᠠᠪᠤᠷᠢᠲᠠᠨ ᠢ ᠨᠥᠭᠡᠴᠡᠯᠡᠬᠦ ᠨᠢᠭᠡᠴᠡ ᠨᠡᠶᠢᠳᠡ 5 ᠪᠠᠶᠢᠨ᠎ᠠ᠄    ᠥᠪᠥᠷ ᠮᠣᠩᠭᠤᠯ ᠤᠨ ᠠᠤᠬᠠᠨ  ᠤ ᠮᠤ᠋ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ    ᠤᠯᠠᠭᠠᠨᠬᠠᠳᠠ ᠬᠤᠲᠠ ᠶᠢᠨ ᠰᠢᠨ ᠬᠤᠶ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠭᠤᠯᠢ    ᠠᠤᠬᠠᠨ ᠬᠤᠰᠢᠭᠤᠨ ᠤ ᠴᠢᠳᠠᠪᠤᠷᠢᠲᠠᠨ ᠬᠥᠮᠦᠵᠢᠭᠦᠯᠬᠦ ᠰᠤᠷᠭᠠᠭᠤᠯᠢ ᠥᠪᠥᠷ ᠮᠣᠩᠭᠤᠯ ᠤᠨ ᠭᠤᠸᠠᠩ ᠲᠦᠩ ᠠᠭᠤᠷᠬᠠᠶ ᠶᠢᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ   ᠥᠪᠥᠷ ᠮᠣᠩᠭᠤᠯ ᠤᠨ  ᠱᠠ ᠮᠥᠸᠧ ᡁᠢ ᠬᠤᠸᠠ ᠠᠮᠢ ᠠᠬᠤᠶ ᠶᠢᠨ ᠠᠵᠤ  ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ    ᠵᠠᠯᠠᠭᠤᠴᠤᠳ ᠤᠨ ᠳᠠᠳᠤᠯᠭ᠎ᠠ ᠶᠢᠨ ᠨᠢᠭᠡᠴᠡ ᠨᠡᠶᠢᠲᠡ 6 ᠪᠠᠶᠢᠨ᠎ᠠ᠄    ᠥᠪᠥᠷ ᠮᠣᠩᠭᠤᠯ ᠤᠨ ᠠᠤᠬᠠᠨ ᠤ ᠮᠤ᠋ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ    ᠤᠯᠠᠭᠠᠨᠬᠠᠳᠠ ᠬᠤᠲᠠ ᠶᠢᠨ ᠰᠢᠨ ᠬᠤᠶ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠭᠤᠯᠢ    ᠠᠤᠬᠠᠨ ᠬᠤᠰᠢᠭᠤᠨ ᠤ ᠴᠢᠳᠠᠪᠤᠷᠢᠲᠠᠨ ᠬᠥᠮᠦᠵᠢᠭᠦᠯᠬᠦ ᠰᠤᠷᠭᠠᠭᠤᠯᠢ    ᠰᠢᠨ ᠬᠤᠢ ᠪᠠᠭ᠎ᠠ  ᠰᠢᠶᠣᠣ ᠲᠢᠶᠠᠨ ᠱᠢ ᠬᠡᠦᠬᠡᠳ ᠤᠨ ᠴᠡᠴᠡᠷᠯᠢᠭ    ᠰᠢᠨ ᠬᠤᠶ ᠴᠢ ᠬᠠᠩ ᠬᠡᠦᠬᠡᠳ ᠤᠨ ᠴᠡᠴᠡᠷᠯᠢᠭ   ᠠᠤᠬᠠᠨ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ    ᠣᠨᠴᠠᠭᠠᠶᠢᠯᠠᠨ ᠵᠠᠷᠯᠠᠪᠠ     ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ           ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                          2022 ᠣᠨ ᠤ 8 ᠰᠠᠷ᠎ᠠ ᠶᠢᠨ 11 ᠤ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号