ᠠᠤᠬᠠᠨ ᠬᠤᠰᠢᠭᠤᠨ ᠤ  ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠢ ᠱᠠᠩᠨᠠᠬᠤ ᠲᠦᠷ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2022/8/15
     ᠨᠢᠭᠡᠳᠦᠭᠡᠷ ᠵᠦᠢᠯ    ᠠᠷᠠᠯᠵᠢᠶᠠᠴᠢᠨ ᠤᠷᠢᠵᠤ ᠪᠠᠯᠠ ᠣᠷᠤᠭᠤᠯᠬᠤ ᠡᠷᠴᠢᠮ ᠢ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠤᠭᠤᠯᠬᠤ ᠠᠷᠭ᠎ᠠ ᠵᠠᠮ ᠢ ᠥᠷᠭᠡᠳᠬᠡᠨ᠂ ᠨᠡᠶᠢᠭᠡᠮ ᠤᠨ ᠡᠯ᠎ᠡ ᠡᠲᠡᠭᠡᠳ ᠤᠨ ᠠᠷᠠᠯᠵᠢᠶᠠᠴᠢᠨ ᠤᠷᠢᠵᠤ ᠪᠠᠯᠠ ᠣᠷᠤᠭᠤᠯᠬᠤ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠶᠢᠨ ᠲᠤᠰᠠᠳᠠ᠂ ︽ᠤᠯᠠᠭᠠᠨᠬᠠᠳᠠ ᠬᠤᠲᠠ ᠶᠢᠨ ᠠᠷᠠᠯᠵᠢᠶᠠᠴᠢᠨ ᠤᠷᠢᠵᠤ ᠪᠠᠯᠠ ᠣᠷᠤᠭᠤᠯᠬᠤ ᠶᠢ ᠱᠠᠩᠨᠠᠬᠤ ᠲᠦᠷ ᠬᠡᠷᠡᠭᠵᠢᠭᠦᠯᠬᠦ ᠠᠷᠭ᠎ᠠ︾ ︵ᠤᠯᠠᠭᠠᠨᠬᠠᠳᠠ ᠵᠠᠰᠠᠭ ᠠᠯᠪᠠᠨ ᠥᠰᠥᠭ ︹ 2019 ︺ 34 ᠳ᠋ᠤᠭᠡᠷ ᠲᠣᠭᠠᠲᠤ︶᠂ ︽2021 ᠣᠨ ᠤ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠤᠭᠤᠯᠬᠤ ᠪᠠ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ︵ ᠠᠣᠬᠠᠨ ᠨᠠᠮ ᠠᠯᠪᠠᠨ ᠲᠠᠷᠬᠠᠭᠠᠭᠰᠠᠨ ︹ 2021 ︺ 11  ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃    ᠬᠤᠶᠠᠳᠤᠭᠠᠷ ᠵᠦᠢᠯ    ᠱᠠᠩᠨᠠᠬᠤ ᠲᠥᠷᠥᠯ  ᠵᠦᠢᠯ ᠤᠨ ᠬᠦᠷᠢᠶ᠎ᠡ ᠬᠡᠪᠴᠢᠶ᠎ᠡ᠃ 2022 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ᠂ ᠪᠥᠬᠦ ᠬᠤᠰᠢᠭᠤᠨ ᠤ ᠬᠠᠷᠢᠶ᠎ᠠ ᠣᠷᠣᠨ ᠳᠤ ᠪᠦᠲᠦᠮᠵᠢᠲᠡᠶ ᠪᠠᠯᠠ ᠣᠷᠣᠭᠤᠯᠬᠤ ᠲᠠᠩ ᠴᠣᠭᠴᠠᠲᠤ ᠬᠤᠶᠠᠳᠤᠭᠠᠷ᠂ ᠭᠤᠷᠪᠠᠳᠤᠭᠠᠷ ᠠᠵᠤ ᠦᠢᠯᠡᠰ  ᠤᠨ ᠲᠥᠷᠥᠯ  ᠵᠦᠢᠯ᠂ ᠡᠰᠡᠬᠦᠯ᠎ᠡ ᠪᠥᠬᠦ ᠬᠤᠰᠢᠭᠤᠨ ᠤ ᠣᠲᠣ ᠪᠠᠶᠢᠭ᠎ᠠ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢᠨ ᠬᠠᠮᠲᠤ ᠥᠷᠭᠡᠳᠬᠡᠨ ᠨᠥᠬᠦᠨ  ᠦᠢᠯᠡᠳᠪᠦᠷᠢᠯᠡᠬᠦ ᠲᠥᠷᠥᠯ ᠵᠦᠢᠯ ︵ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ  ᠵᠦᠢᠯ᠂ ᠤᠯᠠᠮᠵᠢᠯᠠᠯᠲᠤ ᠬᠤᠳᠠᠯᠳᠤᠭᠠᠨ ᠤ ᠲᠠᠯᠠᠪᠤᠷ ᠤᠨ ᠲᠥᠷᠥᠯ  ᠵᠦᠢᠯ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠬᠦ ᠲᠥᠷᠥᠯ  ᠵᠦᠢᠯ᠂ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠬᠦ ᠲᠥᠷᠥᠯ  ᠵᠦᠢᠯ ᠪᠠᠭᠲᠠᠬᠤ ᠥᠬᠡᠶ︶ ᠢ ᠪᠦᠷᠢᠯᠳᠦᠭᠦᠯᠦᠨ᠎ᠡ᠃    ᠭᠤᠷᠪᠠᠳᠤᠭᠠᠷ ᠵᠦᠢᠯ    ᠪᠡᠯᠡ ᠣᠷᠣᠭᠤᠯᠵᠤ ᠢᠷᠡᠭᠰᠡᠳ ᠤᠨ ᠬᠦᠷᠢᠶ᠎ᠡ ᠬᠡᠪᠴᠢᠶ᠎ᠡ ᠶᠢ ᠱᠠᠩᠨᠠᠨ᠎ᠠ᠃ ᠲᠣᠰ ᠠᠷᠭ᠎ᠠ ᠳᠤ ᠬᠡᠯᠡᠵᠦ ᠪᠠᠶᠢᠭ᠎ᠠ ᠪᠠᠯᠠ ᠣᠷᠣᠭᠤᠯᠤᠭᠰᠠᠳ ᠭᠡᠳᠡᠭ ᠨᠢ ᠭᠠᠳᠠᠷ ᠣᠷᠣᠨ ᠤ ᠪᠠᠯᠠ ᠣᠷᠣᠭᠤᠯᠤᠭᠴᠢᠳ ᠢ ᠠᠤᠬᠠᠨ ᠬᠤᠰᠢᠭᠤᠨ ᠳᠤ ᠪᠠᠯᠠ ᠣᠷᠣᠭᠤᠯᠤᠨ ᠪᠥᠲᠥᠭᠡᠨ ᠪᠠᠶᠢᠭᠤᠯᠬᠤ ᠲᠥᠷᠥᠯ  ᠵᠦᠢᠯ ᠳᠤ ᠪᠠᠯᠠ ᠣᠷᠣᠭᠤᠯᠬᠤ ᠶᠢ ᠲᠠᠨᠢᠯᠴᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠠᠶᠢᠭᠠᠯᠢ ᠬᠥᠮᠦᠨ ᠢ ᠵᠢᠭᠠᠵᠤ ᠪᠣᠶ᠂ ᠠᠯᠪᠠᠨ ᠲᠤᠰᠢᠶᠠᠯᠲᠠᠨ ᠢ ᠪᠠᠭᠲᠠᠭᠠᠬᠤ ᠥᠬᠡᠶ᠃    ᠳᠥᠷᠪᠡᠳᠦᠭᠡᠷ ᠵᠦᠢᠯ    ᠱᠠᠩᠨᠠᠯ ᠤᠨ ᠮᠥᠩᠭᠦ ᠶᠢᠨ ᠢᠷᠡᠯᠲᠡ᠃ ᠬᠤᠰᠢᠭᠤᠨ ᠤ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢ ᠬᠤᠪᠢᠶᠠᠨ ᠡᠳ᠋ᠯᠡᠬᠦ ᠪᠠᠶᠢᠭᠤᠯᠤᠯ ᠤᠨ ᠶᠣᠰᠣᠭᠠᠷ ᠣᠯᠠᠨ ᠨᠡᠶᠢᠲᠡ ᠶᠢᠨ ᠲᠥᠰᠦᠪ ᠲᠤ ᠣᠷᠣᠭᠤᠯᠤᠨ᠎ᠠ᠃    ᠲᠠᠪᠤᠳᠤᠭᠠᠷ ᠵᠦᠢᠯ    ᠱᠠᠩᠨᠠᠬᠤ ᠪᠠᠷᠢᠮᠵᠢᠶ᠎ᠠ᠃ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 1000 ᠲᠦᠮᠡᠨ ᠲᠥᠭᠦᠷᠢᠭ ᠠᠴᠠ 3000 ᠲᠦᠮᠡᠨ ᠲᠥᠭᠦᠷᠢᠭ ︵3000 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠠᠷᠠᠳ ᠤᠨ ᠵᠣᠭᠤᠰ 10 ᠲᠦᠮᠡᠨ ᠲᠥᠭᠦᠷᠢᠭ ︵ᠭᠠᠶᠢᠯᠢ ᠪᠠᠭᠲᠠᠨ᠎ᠠ︶ ᠢᠶᠠᠷ ᠱᠠᠩᠨᠠᠨ᠎ᠠ︔ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠠᠴᠠ ᠳᠡᠭᠡᠭᠰᠢ — 5000 ᠲᠦᠮᠡᠨ ᠲᠥᠭᠦᠷᠢᠭ ︵5000 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠠᠷᠠᠳ ᠤᠨ ᠵᠣᠭᠤᠰ 20 ᠲᠦᠮᠡᠨ ᠲᠥᠭᠦᠷᠢᠭ ︵ᠭᠠᠶᠢᠯᠢ ᠶᠢ ᠪᠠᠭᠲᠠᠭᠠᠨ᠎ᠠ︶ ᠢᠶᠠᠷ ᠱᠠᠩᠨᠠᠨ᠎ᠠ︔ ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ — 1 ᠳ᠋ᠦᠩᠰᠢᠭᠤᠷ ᠲᠥᠭᠦᠷᠢᠭ ︵1 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠠᠷᠠᠳ ᠤᠨ ᠵᠣᠭᠤᠰ 50 ᠲᠦᠮᠡᠨ ᠲᠥᠭᠦᠷᠢᠭ ︵ᠭᠠᠶᠢᠯᠢ ᠪᠠᠭᠲᠠᠨ᠎ᠠ︶ ᠢᠶᠠᠷ ᠱᠠᠩᠨᠠᠨ᠎ᠠ︔ ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ — 5 ᠳ᠋ᠦᠩᠰᠢᠭᠤᠷ ᠲᠥᠭᠦᠷᠢᠭ ︵5 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠠᠷᠠᠳ ᠤᠨ ᠵᠣᠭᠤᠰ  100 ᠲᠦᠮᠡᠨ ᠲᠥᠭᠦᠷᠢᠭ ︵ᠭᠠᠶᠢᠯᠢ ᠪᠠᠭᠲᠠᠨ᠎ᠠ︶ ᠢᠶᠠᠷ ᠱᠠᠩᠨᠠᠨ᠎ᠠ︔ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠪᠠᠯ᠂ ᠠᠷᠠᠳ ᠤᠨ ᠵᠣᠭᠤᠰ 200 ᠲᠦᠮᠡᠨ ᠲᠥᠭᠦᠷᠢᠭ ︵ᠭᠠᠶᠢᠯᠢ ᠶᠢ ᠪᠠᠭᠲᠠᠭᠠᠨ᠎ᠠ︶ ᠢᠶᠠᠷ ᠱᠠᠩᠨᠠᠨ᠎ᠠ᠃ ᠠᠤᠬᠠᠨ ᠬᠤᠰᠢᠭᠤᠨ ᠤ ᠣᠲᠣ ᠶᠢᠨ ᠪᠠᠶᠢᠭ᠎ᠠ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢᠨ ᠬᠠᠮᠲᠤ ᠥᠷᠭᠡᠳᠬᠡᠨ ᠨᠥᠬᠦᠨ ᠦᠢᠯᠡᠳᠪᠦᠷᠢᠯᠡᠬᠦ ᠲᠥᠷᠥᠯ  ᠵᠦᠢᠯ᠂ ᠪᠠᠷᠢᠮᠵᠢᠶᠠᠵᠢᠭᠰᠠᠨ  ᠦᠢᠯᠡᠳᠪᠦᠷᠢ ᠶᠢᠨ ᠪᠠᠶᠢᠰᠢᠩ ᠳᠤ ᠣᠷᠣᠵᠤ ᠰᠠᠭᠤᠬᠤ ᠲᠥᠷᠥᠯ  ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠭᠡᠳᠡᠭ ᠨᠢ ᠳᠠᠬᠢᠨ ᠵᠣᠬᠢᠶᠠᠨ ᠪᠠᠶᠢᠭᠤᠯᠤᠭᠰᠠᠨ ᠪᠤᠶᠤ ᠣᠷᠣᠵᠤ ᠰᠠᠭᠤᠭᠰᠠᠨ ᠤ ᠳᠠᠷᠠᠭ᠎ᠠ ᠰᠢᠨ᠎ᠡ ᠪᠠᠷ ᠪᠣᠶ ᠪᠣᠯᠤᠭᠰᠠᠨ ᠲᠣᠭᠲᠠᠮᠠᠯ ᠬᠥᠷᠥᠩᠭᠡ ᠶᠢ ᠵᠢᠭᠠᠵᠤ ᠪᠣᠶ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢ ᠲᠤᠭ᠎ᠠ ᠪᠦᠷᠢᠳᠬᠡᠯ ᠤᠨ ᠲᠣᠪᠴᠢᠶ᠎ᠠ ᠶᠢᠨ  ᠪᠦᠷᠢᠳᠭᠡᠯ ᠳᠤ ᠣᠷᠤᠭᠰᠠᠨ ᠲᠤᠭ᠎ᠠ ᠪᠠᠷ ᠪᠠᠷᠢᠮᠵᠢᠶ᠎ᠠ ᠪᠣᠯᠭᠠᠨ᠎ᠠ᠃    ᠵᠢᠷᠭᠤᠳᠤᠭᠠᠷ ᠵᠦᠢᠯ    ᠱᠠᠩᠨᠠᠬᠤ ᠪᠠᠷ ᠮᠡᠳᠡᠭᠦᠯᠬᠦ ᠴᠤᠪᠤᠷᠠᠯ᠃ ᠲᠥᠷᠥᠯ  ᠵᠦᠢᠯ ᠤᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠰᠢᠭᠤᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠳᠤ ᠪᠢᠴᠢᠭ ᠢᠶᠠᠷ ᠭᠤᠶᠤᠴᠢᠯᠠᠬᠤ ᠶᠢ ᠬᠠᠷᠢᠭᠤᠴᠠᠵᠤ᠂ ᠬᠤᠰᠢᠭᠤᠨ ᠤ ᠮᠥᠩᠭᠦᠨ  ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠠᠩᠬ᠎ᠠ ᠬᠢᠨᠠᠵᠤ᠂ ᠱᠠᠩᠨᠠᠯ ᠤᠨ ᠪᠠᠷᠢᠮᠵᠢᠶ᠎ᠠ ᠳᠤ ᠨᠡᠶᠢᠴᠡᠭᠰᠡᠨ ᠢ ᠨᠢ ᠬᠤᠰᠢᠭᠤᠨ  ᠤ ᠵᠠᠰᠠᠭ ᠤᠨ ᠣᠷᠳᠣᠨ ᠳᠤ ᠨᠢᠭᠡᠳᠦᠯᠲᠡᠶ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠱᠠᠩᠨᠠᠨ᠎ᠠ᠃ ᠲᠥᠷᠥᠯ ᠵᠦᠢᠯ ᠨᠢᠭᠡᠪᠦᠷᠢ ᠶᠢᠨ ᠱᠠᠩᠨᠠᠬᠤ ᠡᠲᠡᠭᠡᠳ ᠢ ᠠᠩᠬ᠎ᠠ ᠤᠳᠠᠭ᠎ᠠ ᠲᠣᠭᠲᠠᠭᠠᠭᠰᠠᠨ ᠪᠠᠯᠠ ᠣᠷᠣᠭᠤᠯᠤᠭᠴᠢ ᠪᠠᠷ ᠪᠠᠷᠢᠮᠵᠢᠶ᠎ᠠ ᠪᠣᠯᠭᠠᠨ᠎ᠠ᠃ ᠠᠳᠠᠯᠢ ᠨᠢᠭᠡᠨ ᠵᠦᠢᠯᠡᠰ ᠲᠤ ᠵᠥᠪᠬᠡᠨ ᠨᠢᠭᠡ ᠯᠡ ᠪᠡᠯᠡ ᠣᠷᠣᠭᠤᠯᠤᠭᠴᠢ ᠶᠢ ᠮᠠᠭᠠᠳᠯᠠᠨ ᠲᠣᠭᠲᠠᠭᠠᠨ᠎ᠠ᠃ ᠪᠠᠷᠢᠯᠭ᠎ᠠ ᠶᠢᠨ ᠵᠦᠢᠯᠡᠰ ᠤᠨ ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ ᠤᠷᠤᠭᠰᠠᠨ ᠤ ᠲᠠᠷᠠᠭ᠎ᠠ ᠨᠢᠭᠡ ᠵᠢᠯ ᠤᠨ ᠳᠣᠲᠣᠷ᠎ᠠ ᠪᠡᠯᠡ ᠣᠷᠣᠭᠤᠯᠵᠤ ᠠᠪᠴᠢᠷᠠᠭᠰᠠᠨ ᠱᠠᠩᠨᠠᠯ ᠤᠨ ᠮᠥᠩᠭᠦ ᠮᠡᠳᠡᠭᠦᠯᠦᠭᠰᠡᠨ ᠦᠭᠡᠢ ᠪᠠᠶᠢᠪᠠᠯ᠂ ᠥᠪᠡᠷ ᠢᠶᠠᠨ ᠲᠠᠶᠠᠭᠳᠠᠭᠰᠠᠨ ᠢᠶᠠᠷ ᠦᠵᠡᠨ᠎ᠡ᠃    ᠳᠣᠯᠣᠳᠤᠭᠠᠷ ᠵᠦᠢᠯ    ᠱᠠᠩᠨᠠᠯ ᠤᠨ ᠪᠠᠯᠠ ᠮᠥᠩᠭᠦ ᠶᠢ ᠪᠡᠯᠡᠨ ᠵᠣᠭᠤᠰ ᠪᠣᠯᠭᠠᠨ᠎ᠠ᠃ ᠱᠠᠩᠨᠠᠯ ᠤᠨ ᠲᠥᠷᠥᠯ ᠵᠦᠢᠯ ᠤᠨ ᠬᠡᠪᠴᠢᠶᠡᠨ ᠳᠤ ᠨᠡᠶᠢᠴᠡᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ᠂ ᠠᠤᠬᠠᠨ ᠬᠤᠰᠢᠭᠤᠨ ᠳᠤ ᠨᠢᠭᠡᠨᠲᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠦᠷᠢᠳᠬᠡᠨ ᠳᠠᠩᠰᠠᠯᠠᠭᠤᠯᠬᠤ ᠶᠢ ᠪᠡᠶᠡᠯᠡᠭᠦᠯᠵᠦ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠤ ᠳᠠᠷᠠᠭ᠎ᠠ᠂ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ ᠪᠠᠷ ᠳᠡᠮᠵᠢᠨ᠂ ᠭᠡᠷ᠎ᠡ ︵ᠵᠥᠪᠯᠡᠯᠴᠡᠭᠡᠷ︶ ᠳᠤ ᠪᠣᠯᠵᠣᠨ ᠲᠣᠭᠲᠠᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ ᠶᠢᠨ ᠶᠣᠰᠣᠭᠠᠷ᠂ ᠪᠠᠯᠠ ᠣᠷᠣᠭᠤᠯᠤᠭᠰᠠᠳ ᠲᠤ ᠤᠷᠢᠳᠠᠪᠠᠷ ᠱᠠᠩᠨᠠᠯ ᠤᠨ ᠪᠠᠯᠠ ᠮᠥᠩᠭᠦ ᠶᠢᠨ 50% ᠶᠢ ᠣᠯᠭᠤᠵᠤ᠂ ᠦᠯᠡᠳᠡᠭᠰᠡᠨ ᠪᠡᠯᠡᠨ ᠵᠣᠭᠤᠰ ᠰᠣᠯᠢᠵᠤ ᠥᠭᠭᠦᠭᠡᠳᠦᠶ ᠬᠡᠰᠡᠭ ᠲᠤ᠂ ᠣᠷᠣᠭᠤᠯᠤᠭᠰᠠᠨ ᠲᠥᠷᠥᠯ  ᠵᠦᠢᠯ  ᠢᠶᠠᠨ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠣᠳᠠᠲᠠᠶ ᠪᠠᠶᠢᠳᠠᠯ ᠢᠶᠠᠨ ᠦᠨᠳᠦᠰᠦᠯᠡᠨ ᠪᠠᠯᠠ ᠣᠷᠣᠭᠤᠯᠤᠯᠲᠠ ᠶᠢᠨ ᠱᠠᠩᠨᠠᠯ ᠤᠨ ᠪᠠᠯᠠ ᠮᠥᠩᠭᠦ ᠶᠢ ᠪᠡᠯᠡᠨ ᠵᠣᠭᠤᠰ ᠪᠣᠯᠭᠠᠨ᠎ᠠ᠃    ᠨᠠᠢᠮᠠᠳᠤᠭᠠᠷ ᠵᠦᠢᠯ    ᠵᠦᠶ ᠪᠤᠰᠤ ᠠᠷᠭ᠎ᠠ ᠪᠠᠷᠢᠯ ᠢᠶᠠᠷ ᠱᠠᠩᠨᠠᠯ ᠤᠨ ᠪᠠᠯᠠ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠲᠤᠬᠠᠶ ᠶᠢᠨ ᠬᠥᠮᠦᠨ ᠪᠣᠯᠤᠨ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠭᠠᠷᠭᠠᠭᠴᠢ ᠶᠢᠨ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠪᠤᠶᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠴᠦ᠂ ᠱᠠᠩᠨᠠᠯ ᠤᠨ ᠪᠠᠯᠠ ᠮᠥᠩᠭᠦ ᠶᠢ ᠨᠡᠬᠡᠮᠵᠢᠯᠡᠨ ᠠᠪᠴᠢᠷᠠᠵᠤ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ  ᠰᠢᠢᠳᠪᠦᠷᠢᠯᠡᠭᠦᠯᠦᠨ᠎ᠡ᠃    ᠶᠢᠰᠦᠳᠦᠭᠡᠷ ᠵᠦᠢᠯ    ᠲᠣᠰ ᠭᠠᠵᠠᠷ ᠣᠷᠣᠨ ᠤ ᠤᠤᠯ ᠤᠨ ᠪᠠᠶᠢᠭᠰᠠᠨ ᠠᠵᠤ ᠠᠬᠤᠶᠢᠯᠠᠯ ᠨᠢ ᠪᠠᠯᠠ ᠣᠷᠣᠭᠤᠯᠤᠯᠲᠠ ᠪᠠᠨ ᠥᠷᠭᠡᠳᠬᠡᠵᠦ᠂ ᠨᠥᠬᠦᠨ  ᠦᠢᠯᠡᠳᠪᠦᠷᠢᠯᠡᠯ ᠢᠶᠠᠨ ᠥᠷᠭᠡᠳᠬᠡᠨ᠂ ᠰᠢᠨ᠎ᠡ ᠪᠠᠷ ᠪᠣᠶ ᠪᠣᠯᠤᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ ᠲᠣᠰ ᠠᠷᠭ᠎ᠠ ᠶᠢᠨ ᠲᠠᠪᠤᠳᠤᠭᠠᠷ  ᠵᠦᠢᠯ ᠤᠨ ᠱᠠᠩᠨᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠲᠣᠰ ᠠᠷᠭ᠎ᠠ ᠪᠠᠷ ᠯᠠᠪᠯᠠᠯᠲᠠ ᠪᠣᠯᠭᠠᠨ ᠱᠠᠩᠨᠠᠬᠤ ᠶᠢ ᠬᠡᠷᠡᠭᠵᠢᠭᠦᠯᠦᠨ᠎ᠡ᠃    ᠠᠷᠪᠠᠳᠤᠭᠠᠷ ᠵᠦᠢᠯ    ᠲᠣᠰ ᠠᠷᠭ᠎ᠠ ᠶᠢᠨ ᠪᠣᠳᠠᠲᠠᠶ ᠲᠠᠶᠢᠯᠪᠤᠷᠢᠯᠠᠬᠤ ᠠᠵᠢᠯ ᠢ ᠬᠤᠰᠢᠭᠤᠨ ᠤ ᠮᠥᠩᠭᠦᠨ  ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠡᠭᠦᠷᠭᠡᠯᠡᠨ᠎ᠡ᠃    ᠠᠷᠪᠠᠨ ᠨᠢᠭᠡᠳᠦᠭᠡᠷ ᠵᠦᠢᠯ    ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2 ᠵᠢᠯ ᠪᠣᠯᠤᠨ᠎ᠠ᠃ ᠲᠣᠰ ᠠᠷᠭ᠎ᠠ ᠶᠢ ᠬᠡᠷᠡᠭᠵᠢᠭᠦᠯᠬᠦ ᠬᠤᠭᠤᠴᠠᠭᠠᠨ ᠳᠤ ᠬᠡᠷᠪᠡ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠵᠡᠷᠭᠡ ᠳᠤ ᠲᠣᠬᠢᠷᠠᠭᠤᠯᠤᠯᠲᠠ ᠬᠢᠬᠦ ᠳᠤ ᠭᠦᠷᠪᠡᠯ᠂ ᠲᠣᠰ ᠠᠷᠭ᠎ᠠ ᠳᠤ ᠵᠣᠬᠢᠴᠠᠩᠭᠤᠶ ᠪᠠᠷ ᠲᠣᠬᠢᠷᠠᠭᠤᠯᠤᠯᠲᠠ ᠬᠢᠨ᠎ᠠ᠃    
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号