ᠪᠠᠶᠢᠰᠡ ᠶᠢᠨ  ᠬᠤᠷᠢᠶ᠎ᠠ ᠪᠠᠯᠭᠠᠰᠤᠨ ᠤ ᠳ᠋ᠠ ᠫᠢᠩ ᠹᠠᠩ ᠲᠣᠰᠬᠤᠨ᠄ ︽ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠬᠡᠷ ᠣᠷᠣᠨ ᠢᠶᠠᠨ ᠴᠡᠪᠡᠷᠬᠡᠨ ᠪᠠᠶᠢᠯᠭᠠᠬᠤ︾ ᠰᠠᠶᠢᠨ  ᠳᠤᠷᠠᠴᠤᠳ ᠤᠨ ᠦᠢᠯᠡᠴᠢᠯᠡᠭᠡᠨ  ᠤ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2022/8/17
   ᠬᠥᠳᠡᠭᠡ ᠲᠣᠰᠬᠤᠨ ᠤ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠰᠠᠶᠢᠨ  ᠳᠤᠷᠠᠴᠤᠳ ᠤᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠰᠠᠶᠢᠵᠢᠷᠠᠭᠤᠯᠬᠤ ᠶᠢᠨ ᠲᠥᠯᠥᠭᠡ᠂  ᠣᠷᠴᠢᠮ ᠤᠨ ᠡᠳᠦᠷ᠂ ᠪᠠᠶᠢᠰᠡ ᠶᠢᠨ ᠬᠤᠷᠢᠶ᠎ᠠ ᠪᠠᠯᠭᠠᠰᠤᠨ ᠤ ᠳ᠋ᠠ ᠫᠢᠩ ᠹᠠᠩ ᠲᠣᠰᠬᠤᠨ ᠳᠤ ︽ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠬᠡᠷ ᠣᠷᠣᠨ ᠢᠶᠠᠨ ᠴᠡᠪᠡᠷᠬᠡᠨ ᠪᠠᠶᠢᠯᠭᠠᠬᠤ︾ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃    ᠠᠵᠢᠯᠯᠠᠭ᠎ᠠ ᠶᠢᠨ ᠳᠤᠮᠳᠠ᠂ ᠳ᠋ᠠ ᠫᠢᠩ ᠹᠠᠩ ᠲᠣᠰᠬᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ  ᠤᠨ ᠦᠢᠯᠡᠴᠢᠯᠡᠭᠡᠨ ᠤ ᠠᠩᠬᠢ ᠶᠢᠨ ᠬᠢᠨ ᠬᠦᠷᠵᠡ᠂ ᠱᠦᠭᠦᠷ ᠵᠡᠷᠭᠡ ᠪᠠᠭᠠᠵᠢ ᠬᠡᠷᠡᠭᠰᠡᠯ ᠢᠶᠠᠨ ᠠᠪᠴᠤ᠂ ᠥᠪᠡᠷ ᠤᠨ ᠲᠡᠷᠭᠡ ᠪᠠᠨ ᠬᠥᠳᠡᠯᠭᠡᠵᠦ᠂ ᠲᠣᠰᠬᠤᠨ ᠤ ᠵᠡᠭᠡᠯᠢ ᠭᠤᠳᠤᠮᠵᠢ ᠶᠢᠨ ᠳᠣᠲᠣᠨ᠎ᠠ ᠭᠠᠳᠠᠨ᠎ᠠ᠂ ᠠᠶᠢᠯ ᠲᠣᠰᠬᠤᠨ ᠤ ᠡᠮᠦᠨ᠎ᠡ ᠠᠷᠤ  ᠶᠢᠨ ᠶᠡᠭᠡ ᠪᠠᠭ᠎ᠠ ᠥᠨᠴᠥᠭ ᠪᠤᠯᠤᠩ ᠢ ᠴᠡᠪᠡᠷᠯᠡᠬᠦ ᠠᠵᠢᠯ ᠢ  ᠦᠷᠨᠢᠭᠦᠯᠪᠡ᠃   ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠠᠶᠢᠯ ᠲᠣᠰᠬᠤᠨ ᠤ  ᠳᠦᠷᠢ ᠳᠦᠷᠢᠬᠦ ᠶᠢ ᠠᠷᠢᠭᠤᠨ ᠴᠡᠪᠡᠷ ᠪᠣᠯᠭᠠᠵᠤ᠂ ᠲᠣᠰᠬᠤᠨ ᠤ ᠠᠷᠠᠳ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠤ ᠬᠠᠮᠲᠤ ᠰᠠᠶᠢᠨ ᠳᠤᠷᠠᠴᠤᠳ ᠤᠨ  ᠦᠢᠯᠡᠴᠢᠯᠡᠭᠡᠨ ᠤ ᠤᠬᠠᠭᠤᠯᠭ᠎ᠠ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠳᠤ ᠤᠬᠠᠮᠰᠠᠷ ᠠᠴᠠ ᠪᠠᠨ ᠣᠷᠣᠯᠴᠠᠭᠤᠯᠵᠤ᠂ ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠠᠰᠢᠭ ᠭᠥᠷᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠨᠡᠶᠢᠲᠡ 20 ᠭᠠᠷᠤᠶ ᠰᠠᠶᠢᠨ ᠳᠤᠷᠠᠴᠤᠳ ᠤᠨ ᠠᠵᠢᠯᠯᠠᠭᠴᠢ  ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号