| 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠯᠢᠶᠣᠤᠨᠢᠩ ᠳᠤ ᠰᠢᠨᠵᠢᠯᠡᠨ ᠪᠠᠶᠢᠴᠠᠭᠠᠪᠠ᠃ ᠵᠢᠷᠤᠬ ᠪᠤᠯ 16 ᠤ ᠦᠳᠡ ᠶᠢᠨ ᠬᠤᠶᠢᠨ᠎ᠠ᠂ ᠰᠢ ᠶᠢᠨ ᠫᠢᠩ ᠵᠢᠨᠵᠧᠦ | ᠬᠤᠳᠠ ᠶᠢᠨ ᠳ᠋ᠦᠩ ᠬᠤ᠋ ᠤᠢ ᠰᠢᠭᠤᠢ ᠶᠢᠨ ᠴᠡᠴᠡᠷᠯᠢᠭ ᠲᠤ ᠰᠢᠶᠤᠤ ᠯᠢᠩ ᠾᠧ ᠭᠤᠣᠯ ᠤᠨ ᠬᠦᠪᠡᠭᠡ ᠳᠠᠭᠠᠤ ᠶᠢᠨ ᠠᠮᠢ | ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠬᠦ ᠦᠶ᠎ᠠ ᠳᠡᠭᠡᠨ᠂ ᠠᠳᠡ ᠰᠡᠯᠡᠭᠦᠴᠡᠨ ᠰᠣᠶᠣᠯ ᠤᠨ ᠠᠵᠢᠯᠯᠠᠭ᠎ᠠ | ᠦᠷᠨᠢᠬᠦᠯᠵᠤ ᠪᠠᠶᠢᠭᠰᠠᠨ ᠤᠯᠠᠨ ᠲᠦᠮᠡᠨ ᠲᠠᠢ ᠲᠤᠳᠤᠨᠤᠰᠤᠭ ᠢᠶᠠᠷ ᠶᠠᠷᠢᠯᠴᠠᠵᠤ ᠪᠠᠶᠢᠭ᠎ᠠ ᠨᠢ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ | | 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠯᠢᠶᠣᠤᠨᠢᠩ ᠳᠤ ᠰᠢᠨᠵᠢᠯᠡᠨ ᠪᠠᠶᠢᠴᠠᠭᠠᠪᠠ᠃ ᠵᠢᠷᠤᠬ ᠪᠤᠯ 17 ᠤ ᠦᠳᠡ ᠶᠢᠨ ᠬᠤᠶᠢᠨ᠎ᠠ᠂ ᠰᠢ ᠶᠢᠨ ᠫᠢᠩ ᠮᠦᠭᠳᠡᠨ ᠤ | ᠰᠢᠨ ᠰᠦᠩ ᠮᠠᠰᠢᠨ ᠬᠥᠮᠦᠨ ᠤ ᠠᠦ᠋ᠲ᠋ᠣᠴᠢᠯᠠᠭᠰᠠᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠦᠵᠡᠭᠦᠯᠭᠡ ᠶᠢᠨ | ᠲᠢᠩᠬᠢᠮ ᠳᠤ ᠯᠢᠶᠣᠤᠨᠢᠩ ᠤᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠬᠦᠨ ᠤ | ᠲᠥᠪᠯᠡᠷᠡᠬᠦᠯᠦᠭᠰᠡᠨ ᠲᠡᠯᠬᠡᠨ ᠦᠵᠡᠭᠦᠯᠭᠡ ᠶᠢ ᠪᠠᠶᠢᠴᠠᠭᠠᠨ ᠦᠵᠡᠵᠦ ᠪᠠᠶᠢᠭ᠎ᠠ ᠨᠢ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠵᠢᠤᠢ ᠫᠧᠩ ᠰᠡᠬᠦᠳᠡᠷᠯᠡᠪᠡ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠯᠢᠶᠣᠤᠨᠢᠩ ᠳᠤ ᠰᠢᠨᠵᠢᠯᠡᠨ | ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ | ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠨᠠᠩ ᠶᠡᠭᠡ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠪᠠᠨ | ᠢᠯᠡᠷᠡᠭᠦᠯᠵᠦ᠂ ᠯᠢᠶᠣᠤᠨᠢᠩ ᠤᠨ ᠮᠠᠨᠳᠤᠯᠲᠠ ᠬᠥᠭᠵᠢᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ | ᠭᠡᠵᠦ ᠴᠢᠬᠤᠯᠠᠴᠢᠯᠠᠪᠠ᠃ | 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ | ᠬᠤᠷᠢᠶᠠᠨ ᠤ ᠱᠦᠵᠢ ᠵᠠᠩ ᠭᠦᠸᠧ ᠴᠢᠩ᠂ ᠮᠤᠵᠢ ᠶᠢᠨ ᠳᠠᠷᠤᠭ᠎ᠠ ᠯᠢ ᠯᠧ ᠴᠧᠩ ᠤᠨ ᠪᠠᠷ᠎ᠠ ᠪᠣᠯᠣᠯᠭ᠎ᠠ ᠲᠠᠢ ᠪᠠᠷ ᠤᠷᠢᠳ | ᠬᠤᠵᠢᠳ ᠵᠢᠨᠵᠧᠦ᠂ ᠮᠦᠭᠳᠡᠨ ᠵᠡᠷᠭᠡ ᠭᠠᠵᠠᠷ ᠲᠤ ᠬᠦᠷᠴᠦ᠂ ᠬᠤᠪᠢᠰᠬᠠᠯ ᠤᠨ ᠳᠤᠷᠠᠰᠬᠠᠯ ᠤᠨ ᠣᠷᠳᠣᠨ᠂ ᠭᠤᠤᠯ ᠮᠥᠷᠡᠨ | ᠨᠠᠭᠤᠷ ᠪᠦᠷᠢᠳᠦ ᠶᠢ ᠵᠠᠰᠠᠬᠤ ᠢᠨᠵᠧᠨᠧᠷᠢᠩ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠳᠤ ᠭᠦᠨᠵᠡᠭᠡᠶᠢᠷᠡᠨ | ᠪᠠᠶᠢᠴᠠᠭᠠᠨ ᠰᠤᠳᠤᠯᠪᠠ᠃ | 16 ᠤ ᠦᠳᠡ ᠶᠢᠨ ᠬᠤᠶᠢᠨ᠎ᠠ᠂ ᠰᠢ ᠶᠢᠨ ᠫᠢᠩ ᠵᠢᠨᠵᠧᠦ ᠬᠤᠳᠠ ᠳᠤ ᠡᠩ ᠲᠡᠷᠢᠭᠦᠨ ᠳᠤ ᠯᠢᠶᠣᠤ ᠱᠧᠨ ᠤ | ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢᠶᠠᠷ ᠰᠢᠨᠵᠢᠯᠡᠨ ᠪᠠᠶᠢᠴᠠᠭᠠᠪᠠ᠃ 70 ᠭᠠᠷᠤᠢ ᠵᠢᠯ ᠤᠨ ᠡᠮᠦᠨ᠎ᠡ᠂ ᠳᠤᠮᠳᠠᠳᠤ | ᠤᠯᠤᠰ ᠤᠨ ᠡᠪ ᠬᠠᠮᠲᠤ ᠨᠠᠮ ᠠᠷᠠᠳ ᠤᠨ ᠴᠡᠷᠢᠭ ᠠᠩᠬᠢ ᠶᠢ ᠵᠢᠯᠣᠭᠤᠳᠴᠤ ᠯᠢᠶᠣᠤ ᠱᠧᠨ ᠤ ᠳᠠᠶᠢᠯᠠᠯᠳᠤᠭᠠᠨ ᠤ | ᠢᠯᠠᠯᠲᠠ ᠶᠢ ᠲᠡᠮᠡᠴᠡᠨ ᠤᠯᠪᠠ᠃ ᠰᠢ ᠶᠢᠨ ᠫᠢᠩ ᠣᠷᠣᠰᠢᠯ ᠲᠢᠩᠬᠢᠮ᠂ ᠳᠠᠶᠢᠯᠠᠯᠳᠤᠭᠠᠨ ᠤ ᠲᠡᠦᠬᠡ ᠶᠢᠨ ᠣᠷᠳᠣᠨ᠂ | ᠡᠮᠦᠨ᠎ᠡ ᠹᠷᠣᠨᠲ ᠢ ᠲᠤᠰᠠᠯᠠᠭᠰᠠᠨ ᠣᠷᠳᠣᠨ᠂ ᠦᠷᠡᠭᠳᠡᠭᠰᠡᠨ ᠪᠠᠭᠠᠲᠤᠷᠴᠤᠳ ᠤᠨ ᠣᠷᠳᠣᠨ ᠢ ᠲᠠᠷᠠᠭᠠᠯᠠᠨ ᠲᠣᠭᠤᠷᠢᠨ | ᠦᠵᠡᠵᠦ᠂ ᠵᠡᠭᠦᠨ ᠬᠤᠶᠢᠲᠤ ᠶᠢᠨ ᠴᠢᠯᠥᠭᠡᠯᠡᠬᠦ ᠳᠠᠶᠢᠨ ᠤ ᠲᠡᠦᠬᠡ ᠪᠣᠯᠤᠨ ᠯᠢᠶᠣᠤ ᠱᠧᠨ ᠤ ᠳᠠᠶᠢᠯᠠᠯᠳᠤᠭᠠᠨ ᠤ | ᠢᠯᠠᠯᠲᠠ ᠶᠢᠨ ᠶᠠᠪᠤᠴᠠ ᠶᠢ ᠡᠷᠭᠢᠴᠡᠭᠦᠯᠵᠦ᠂ ᠥᠷᠭᠡᠨ ᠤᠯᠠᠨ ᠠᠷᠠᠳ ᠲᠦᠮᠡᠨ ᠤ ᠡᠮᠦᠨ᠎ᠡ ᠹᠷᠣᠨᠲ ᠢ ᠲᠤᠰᠠᠯᠠᠭᠰᠠᠨ | ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ ᠪᠣᠯᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠥᠷᠡᠭᠲᠡᠯ | ᠰᠤᠶᠢᠲᠤᠯ ᠠᠴᠠ ᠠᠶᠤᠬᠤ ᠦᠭᠡᠢ ᠪᠠᠭᠠᠲᠤᠷᠯᠢᠭ ᠦᠢᠯᠡ ᠠᠵᠢᠯᠯᠠᠭ᠎ᠠ ᠶᠢ ᠰᠠᠨᠠᠭᠠᠯᠵᠠᠨ ᠡᠷᠭᠢᠴᠡᠭᠦᠯᠪᠡ᠃ ᠰᠢ ᠶᠢᠨ ᠫᠢᠩ᠂ | ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠨᠢ ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠤᠨ ᠤᠯᠠᠨ ᠠᠴᠠ ᠬᠡᠲᠦᠶᠢᠳᠦᠭᠰᠡᠨ ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠤᠨ ᠪᠠᠶᠢᠯᠳᠤᠬᠤ | ᠪᠣᠳᠣᠯᠭ᠎ᠠ ᠶᠢᠨ ᠤᠬᠠᠭᠠᠯᠠᠯ ᠢ ᠭᠦᠶᠴᠡᠳ ᠢᠯᠡᠷᠡᠭᠦᠯᠪᠡ᠃ ᠴᠢᠯᠥᠭᠡᠯᠡᠬᠦ ᠲᠠᠶᠢᠨ ᠤ ᠦᠶ᠎ᠡ ᠳᠤ ᠮᠠᠨ ᠤ ᠨᠠᠮ ᠪᠣᠯᠤᠨ | ᠭᠤᠮᠢᠨᠳᠠᠩ ᠤᠨ ᠬᠤᠭᠤᠷᠣᠨᠳᠣᠬᠢ ᠶᠡᠭᠡ ᠰᠢᠢᠳᠪᠦᠷᠢᠲᠦ ᠪᠠᠶᠢᠯᠳᠤᠭᠠᠨ ᠪᠣᠯ ᠴᠡᠷᠢᠭ ᠤᠨ ᠬᠦᠴᠦᠨ ᠵᠡᠪᠰᠡᠭ ᠤᠨ ᠬᠦᠴᠦᠨ ᠤ | ᠪᠠᠶᠢᠯᠳᠤᠭᠠᠨ ᠪᠣᠯᠬᠤ ᠮᠥᠷᠲᠡᠭᠡᠨ ᠨᠡᠩ ᠴᠤ ᠠᠷᠠᠳ ᠤᠨ ᠰᠡᠳᠭᠢᠯ ᠢ ᠤᠯᠵᠤ ᠠᠯᠲᠠᠬᠤ ᠲᠤᠬᠠᠢ ᠲᠡᠮᠡᠴᠡᠯ ᠪᠣᠯᠬᠤ ᠶᠤᠮ᠃ | ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠶᠢ ᠵᠡᠭᠦᠨ ᠬᠤᠶᠢᠲᠤ ᠣᠷᠣᠨ ᠤ ᠠᠷᠠᠳ ᠲᠦᠮᠡᠨ ᠪᠦᠬᠦ ᠬᠦᠴᠦ ᠪᠠᠷ ᠢᠶᠠᠨ | ᠲᠤᠰᠠᠯᠠᠵᠤ ᠪᠠᠶᠢᠭᠠᠳ ᠲᠡᠮᠡᠴᠡᠨ ᠣᠯᠤᠭᠰᠠᠨ ᠶᠤᠮ᠂ ᠬᠤᠸᠠᠢ ᠬᠠᠢ ᠶᠢᠨ ᠳᠠᠶᠢᠯᠠᠯᠳᠤᠭᠠᠨ ᠤ ᠢᠯᠠᠯᠲᠠ ᠶᠢ ᠠᠷᠠᠳ ᠲᠦᠮᠡᠨ | ᠵᠢᠵᠢᠭ ᠵᠢᠳᠬᠦᠬᠦᠷ ᠲᠡᠷᠭᠡ ᠪᠠᠨ ᠲᠦᠯᠬᠢᠵᠦ ᠪᠠᠶᠢᠭᠠᠳ ᠲᠡᠮᠡᠴᠡᠨ ᠣᠯᠤᠭᠰᠠᠨ ᠶᠤᠮ᠂ ᠮᠥᠷᠡᠨ ᠭᠠᠲᠤᠯᠬᠤ ᠳᠠᠶᠢᠯᠠᠯᠳᠤᠭᠠᠨ ᠤ | ᠢᠯᠠᠯᠲᠠ ᠶᠢ ᠠᠷᠠᠳ ᠲᠦᠮᠡᠨ ᠵᠢᠵᠢᠭ ᠣᠩᠭᠤᠴᠠ ᠪᠠᠨ ᠰᠡᠯᠢᠵᠦ ᠪᠠᠶᠢᠭᠠᠳ ᠲᠡᠮᠡᠴᠡᠨ ᠣᠯᠤᠭᠰᠠᠨ ᠶᠤᠮ᠃ ᠠᠷᠠᠳ ᠤᠨ | ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠲᠡᠷᠡ ᠨᠢ ᠠᠵᠢᠯ ᠦᠢᠯᠡᠰ ᠤᠨ ᠮᠠᠨᠳᠤᠵᠤ ᠪᠠᠭᠤᠷᠠᠬᠤ ᠢᠯᠠᠵᠤ | ᠢᠯᠠᠭᠳᠠᠬᠤ ᠶᠢ ᠲᠣᠭᠲᠠᠭᠠᠳᠠᠭ᠃ ᠮᠠᠨ ᠤ ᠨᠠᠮ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ | ᠪᠠᠲᠤᠯᠠᠵᠤ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠭᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ | ᠰᠡᠳᠭᠢᠯ ᠵᠢᠷᠦᠬᠡ ᠪᠠᠨ ᠬᠤᠯᠪᠣᠳᠠᠭ ᠯᠠ ᠶᠤᠮ ᠪᠣᠯ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ | ᠬᠦᠴᠦᠷᠬᠡᠭ ᠶᠡᠭᠡ ᠬᠦᠴᠦᠨ ᠢ ᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠨᠠᠮ ᠤᠨ ᠲᠡᠦᠬᠡ ᠶᠢ | ᠰᠤᠷᠤᠯᠴᠠᠬᠤ ᠪᠣᠯ ᠨᠠᠮ ᠤᠨ ᠭᠡᠰᠢᠭᠦᠨ ᠨᠢᠭᠡ ᠪᠦᠷᠢ ᠶᠢᠨ ᠡᠭᠦᠷᠭᠡ ᠮᠥᠨ᠃ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠥᠷᠭᠡᠨ ᠤᠯᠠᠨ | ᠨᠠᠮ ᠤᠨ ᠭᠡᠰᠢᠭᠦᠨ᠂ ᠺᠠᠳ᠋ᠷ ᠤᠨ ᠨᠠᠮ ᠤᠨ ᠲᠡᠦᠬᠡ ᠶᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠠ ᠪᠠᠶᠢᠩᠭᠤ ᠰᠤᠷᠬᠤ | ᠬᠢᠴᠢᠶᠡᠯ ᠪᠣᠯᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠠᠬᠠᠮᠠᠳ ᠪᠠᠶᠢᠯᠳᠤᠭᠴᠢ ᠠᠬᠠᠮᠠᠳ ᠨᠥᠬᠦᠳ ᠪᠣᠯᠤᠨ ᠬᠤᠪᠢᠰᠬᠠᠯᠲᠤ ᠦᠷᠡᠭᠳᠡᠭᠰᠡᠨ | ᠪᠠᠭᠠᠲᠤᠷᠴᠤᠳ ᠤᠨ ᠲᠥᠷᠥᠯ ᠰᠠᠳᠤᠨ ᠤ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠢ ᠴᠢᠩ | ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠵᠡᠭᠦᠨ ᠬᠤᠶᠢᠲᠤ ᠣᠷᠣᠨ ᠤ ᠠᠷᠠᠳ | ᠲᠦᠮᠡᠨ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠪᠣᠯᠤᠨ ᠵᠡᠭᠦᠨ ᠬᠤᠶᠢᠲᠤ ᠣᠷᠣᠨ ᠤ ᠴᠢᠯᠥᠭᠡᠯᠡᠯᠲᠡ ᠶᠢᠨ ᠲᠥᠯᠥᠭᠡ | ᠯᠤᠲᠤ ᠶᠡᠭᠡ ᠦᠷᠡᠭᠳᠡᠯ ᠭᠠᠷᠭᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ | ᠪᠣᠯᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠰᠠᠨ ᠲᠠᠶᠢᠨ ᠤ ᠢᠯᠠᠯᠲᠠ ᠶᠢ ᠤᠯᠬᠤ ᠳᠤ ᠯᠤᠲᠤ ᠶᠡᠭᠡ | ᠬᠤᠪᠢ ᠨᠡᠮᠡᠷᠢ ᠦᠵᠡᠭᠦᠯᠦᠭᠰᠡᠨ ᠢ ᠨᠠᠮ ᠪᠣᠯᠤᠨ ᠠᠷᠠᠳ ᠲᠦᠮᠡᠨ ᠥᠨᠢ ᠡᠭᠦᠷᠢᠳᠡ ᠮᠠᠷᠲᠠᠬᠤ ᠦᠭᠡᠢ ᠶᠤᠮ᠃ ᠮᠠᠨ ᠤ | ᠬᠤᠪᠢᠰᠬᠠᠯᠲᠤ ᠲᠦᠷᠦ ᠵᠠᠰᠠᠭ ᠢ ᠲᠦᠭ ᠲᠦᠮᠡᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠠᠷᠢᠭᠤᠨ ᠴᠢᠰᠤ ᠪᠠ ᠠᠮᠢ | ᠨᠠᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠃ ᠲᠥᠷᠥ ᠵᠠᠰᠠᠭ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ | ᠲᠠᠷᠤᠢ ᠲᠥᠷᠥ ᠵᠠᠰᠠᠭ ᠮᠦᠨ᠃ ᠪᠢᠳᠠ ᠲᠦᠷᠦ ᠵᠠᠰᠠᠭ ᠤᠨ ᠤᠢᠩᠭᠡ ᠬᠤᠪᠢᠷᠡᠬᠤ ᠶᠢ ᠣᠭᠲᠣ ᠵᠥᠪᠰᠢᠶᠡᠷᠡᠬᠦ ᠤᠢᠭᠡᠢ᠂ | ᠠᠷᠠᠳ ᠲᠦᠮᠡᠨ ᠴᠦ ᠣᠭᠲᠣ ᠵᠥᠪᠰᠢᠶᠡᠷᠡᠬᠦ ᠤᠢᠭᠡᠢ᠃ ᠤᠰᠤ ᠶᠢ ᠨᠢ ᠤᠤᠭᠤᠪᠠᠯ ᠡᠬᠢ ᠶᠢ ᠨᠢ ᠮᠠᠷᠳᠠᠵᠤ ᠪᠤᠯᠬᠤ ᠦᠬᠡᠢ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠦᠶ᠎ᠡ ᠦᠶ᠎ᠡ ᠶᠢᠨ ᠬᠥᠮᠦᠰ ᠤᠨ | ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠮᠠᠨ ᠤ ᠤᠯᠤᠰ ᠲᠤ ᠲᠡᠭᠷᠢ ᠭᠠᠵᠠᠷ ᠢ ᠲᠤᠩᠰᠤᠯᠭᠠᠬᠰᠠᠨ ᠬᠤᠪᠢᠷᠠᠯᠲᠠ | ᠭᠠᠷᠴᠤ᠂ ᠠᠷᠠᠳ ᠲᠦᠮᠡᠨ ᠪᠦᠬᠦ ᠲᠠᠯ᠎ᠠ ᠪᠠᠷ ᠴᠢᠨᠡᠭᠡᠯᠢᠭᠵᠢᠭᠰᠡᠨ ᠠᠮᠢᠳᠤᠷᠠᠯ ᠢ ᠡᠳ᠋ᠯᠡᠵᠦ᠂ ᠳᠤᠮᠳᠠᠳᠤ ᠶᠢᠨ ᠦᠨᠳᠦᠰᠦᠲᠡᠨ | ᠳᠡᠯᠡᠬᠡᠢ ᠶᠢᠨ ᠦᠨᠳᠦᠰᠦᠲᠡᠨ ᠤ ᠳᠤᠮᠳᠠ ᠰᠡᠬᠦᠶᠢᠨ ᠰᠦᠨᠳᠡᠷᠯᠡᠪᠡ᠃ ᠪᠢᠳᠡ ᠦᠷᠭᠦᠯᠵᠢᠯᠡᠨ ᠤᠷᠤᠭᠰᠢᠯᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠢᠷᠮᠠᠶᠢᠨ ᠪᠡᠶᠡᠯᠡᠭᠦᠯᠤᠨ᠂ ᠡᠭᠦᠨ ᠢᠶᠠᠷ | ᠬᠤᠪᠢᠰᠬᠠᠯ ᠤᠨ ᠤᠷᠢᠳᠤᠰ ᠪᠣᠯᠤᠨ ᠦᠷᠡᠭᠳᠡᠭᠰᠡᠨ ᠪᠠᠭᠠᠲᠤᠷᠴᠤᠳ ᠢ ᠲᠠᠶᠢᠳᠬᠤᠷᠠᠭᠤᠯᠬᠤ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠬᠠᠮᠠᠳ ᠪᠠᠶᠢᠯᠳᠤᠭᠴᠢ ᠠᠬᠠᠮᠠᠳ ᠨᠥᠬᠦᠳ ᠪᠣᠯᠤᠨ ᠬᠤᠪᠢᠰᠬᠠᠯ ᠤᠨ | ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠢ ᠬᠠᠯᠠᠮᠵᠢᠯᠠᠵᠤ᠂ ᠠᠬᠠᠮᠠᠳ ᠪᠠᠶᠢᠯᠳᠤᠭᠴᠢ ᠠᠬᠠᠮᠠᠳ ᠨᠥᠬᠦᠳ ᠲᠤ | ᠥᠲᠡᠯᠦᠭᠡ ᠨᠠᠰᠤᠨ ᠤ ᠵᠣᠯ ᠵᠢᠷᠭᠠᠯ ᠢ ᠡᠳ᠋ᠯᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠳᠤ ᠨᠠᠮ ᠤᠨ | ᠬᠠᠶᠢᠷ᠎ᠠ ᠬᠠᠯᠠᠮᠵᠢ ᠶᠢ ᠮᠡᠳᠡᠷᠡᠭᠦᠯᠬᠦ ᠬᠡᠷᠡᠭᠲᠡᠢ᠃ ᠬᠤᠪᠢᠰᠬᠠᠯᠲᠤ ᠲᠦᠷᠦ ᠵᠠᠰᠠᠭ ᠬᠢᠯᠪᠠᠷ ᠪᠤᠰᠤ ᠪᠠᠷ ᠢᠷᠡᠭᠰᠡᠨ ᠶᠤᠮ᠂ | ᠲᠥᠷᠥ ᠵᠠᠰᠠᠭ ᠢ ᠰᠠᠶᠢᠲᠤᠷ ᠰᠠᠬᠢᠬᠤ ᠬᠠᠷᠢᠭᠤᠴᠠᠯᠭ᠎ᠠ ᠬᠦᠨᠳᠦ ᠶᠡᠭᠡ ᠶᠤᠮ᠃ ᠨᠠᠮ ᠤᠨ ᠦᠯᠢᠭᠡᠷ᠂ ᠬᠤᠪᠢᠰᠬᠠᠯ ᠤᠨ | ᠦᠯᠢᠭᠡᠷ᠂ ᠪᠠᠭᠠᠲᠤᠷᠴᠤᠳ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ | ᠬᠤᠪᠢᠰᠬᠠᠯᠲᠤ ᠲᠦᠷᠦ ᠵᠠᠰᠠᠭ ᠢ ᠵᠠᠯᠭᠠᠮᠵᠢᠯᠠᠬᠤ ᠬᠥᠮᠦᠨ ᠲᠠᠢ᠂ ᠦᠶ᠎ᠡ ᠶᠢᠨ ᠦᠶ᠎ᠡ ᠳᠤ ᠤᠯᠠᠮᠵᠢᠯᠠᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠰᠢ ᠶᠢᠨ ᠫᠢᠩ ᠠᠬᠠᠮᠠᠳ ᠪᠠᠶᠢᠯᠳᠤᠭᠴᠢ ᠠᠬᠠᠮᠠᠳ ᠨᠥᠬᠦᠳ ᠢ ᠣᠷᠳᠣ | ᠨᠠᠰᠤᠯᠠᠨ ᠤᠳᠠᠭᠠᠨ ᠵᠢᠷᠭᠠᠵᠤ᠂ ᠵᠣᠯ ᠵᠢᠷᠭᠠᠯ ᠲᠠᠢ ᠠᠮᠢᠳᠤᠷᠠᠵᠦ᠂ ᠶᠠᠪᠤᠳᠠᠯ ᠪᠦᠬᠦᠨ ᠤᠷᠤᠭᠰᠢᠲᠠᠶ ᠪᠤᠯᠳᠤᠭᠠᠢ︕ ᠬᠡᠵᠦ | ᠵᠥᠩᠨᠡᠪᠡ᠃ | ᠲᠠᠷᠠᠭ᠎ᠠ ᠨᠢ᠂ ᠰᠢ ᠶᠢᠨ ᠫᠢᠩ ᠵᠢᠨᠵᠧᠦ ᠶᠢᠨ ᠳ᠋ᠦᠩ ᠬᠤ᠋ ᠤᠢ ᠰᠢᠭᠤᠢ ᠶᠢᠨ ᠴᠡᠴᠡᠷᠯᠢᠭ ᠲᠤ ᠬᠦᠷᠴᠦ᠂ | ᠲᠤᠬᠠᠢ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ ᠴᠢᠩᠭᠠᠳᠬᠠᠵᠤ ᠪᠠᠶᠢᠭ᠎ᠠ ᠪᠠᠶᠢᠳᠠᠯ ᠢ | ᠰᠢᠨᠵᠢᠯᠡᠨ ᠪᠠᠶᠢᠴᠠᠭᠠᠪᠠ᠃ ᠴᠡᠴᠡᠷᠯᠢᠭ ᠨᠢ ᠰᠢᠶᠣᠤ ᠯᠢᠩ ᠾᠧ ᠭᠤᠤᠯ ᠪᠠ ᠨᠢᠤᠢ ᠡᠯ ᠾᠧ ᠭᠤᠤᠯ ᠤᠨ ᠠᠭᠤᠯᠵᠠᠷ ᠤᠨ | ᠬᠤᠶᠢᠲᠤ ᠲᠠᠯ᠎ᠠ ᠳᠤ ᠪᠠᠶᠢᠷᠢᠯᠠᠵᠦ ᠪᠤᠢ᠃ 2014 ᠣᠨ ᠠᠴᠠ ᠡᠬᠢᠯᠡᠨ᠂ ᠵᠢᠨᠵᠧᠦ ᠬᠤᠳᠠ ᠬᠤᠶᠠᠷ ᠭᠤᠣᠯ ᠤᠨ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢᠨ ᠬᠠᠮᠲᠤ ᠭᠤᠣᠯ ᠳᠠᠭᠠᠤ 10 ᠭᠠᠷᠤᠢ ᠺᠢᠯᠤᠮᠧᠲᠷ ᠤᠨ | ᠨᠣᠭᠤᠭᠠᠷᠠᠭᠤᠯᠤᠯᠲᠠ ᠶᠢᠨ ᠪᠦᠰᠡ ᠶᠢ ᠪᠠᠶᠢᠭᠤᠯᠵᠤ᠂ ᠭᠤᠣᠯ ᠳᠠᠭᠠᠤ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠲᠤᠭᠤᠷᠢᠬᠤ | ᠪᠦᠰᠡᠯᠢᠭ ᠴᠡᠴᠡᠷᠯᠢᠭ ᠢ ᠪᠦᠷᠢᠯᠳᠦᠭᠦᠯᠪᠡ᠃ ᠰᠢ ᠶᠢᠨ ᠫᠢᠩ ᠰᠢᠶᠤᠤ ᠯᠢᠩ ᠾᠧ ᠭᠤᠣᠯ ᠤᠨ ᠬᠦᠪᠡᠭᠡ ᠳᠠᠭᠠᠤ ᠶᠢᠨ ᠠᠮᠢ | ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠲᠡᠷᠡ᠂ ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠪᠣᠯ | ᠵᠡᠭᠦᠨ ᠬᠤᠶᠢᠲᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠬᠢᠮ ᠨᠠᠨᠳᠢᠨ ᠡᠬᠢ ᠪᠠᠶᠠᠯᠢᠭ ᠮᠥᠨ᠂ ᠪᠠᠰᠠ | ᠴᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡᠨ ᠳᠠᠪᠠᠭᠤᠯᠢᠭ ᠮᠥᠨ᠃ ᠪᠣᠬᠢᠷᠲᠤᠯ ᠦᠭᠡᠢ | ᠬᠥᠭᠵᠢᠯᠲᠡ ᠶᠢᠨ ᠣᠶᠢᠯᠠᠭᠠᠭᠳᠠᠬᠤᠨ ᠢ ᠠᠮᠢ ᠠᠬᠤᠢ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠪᠦᠳᠦᠭᠡᠨ | ᠪᠠᠶᠢᠭᠤᠯᠤᠯᠲᠠ᠂ ᠦᠢᠯᠡᠳᠪᠦᠷᠢᠯᠡᠯ ᠦᠢᠯᠡᠳᠭᠡᠯ᠂ ᠬᠤᠳᠠ ᠶᠢᠨ ᠬᠥᠭᠵᠢᠯᠲᠡ᠂ ᠠᠷᠠᠳ ᠲᠦᠮᠡᠨ ᠤ ᠠᠮᠢᠳᠤᠷᠠᠯ ᠵᠡᠷᠭᠡ ᠡᠯ᠎ᠡ | ᠲᠠᠯ᠎ᠠ ᠳᠤ ᠲᠤᠭᠤᠰᠢᠯᠠᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠲᠦᠷᠭᠡᠳᠭᠡᠨ ᠪᠦᠳᠦᠭᠡᠨ ᠪᠠᠶᠢᠭᠤᠯᠬᠤ | ᠬᠡᠷᠡᠭᠲᠡᠢ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ | ᠢᠯᠡᠳᠲᠡ ᠳᠡᠭᠡᠭᠰᠢᠯᠡᠭᠦᠯᠲᠡᠭ᠂ ᠡᠨᠡ ᠲᠠᠯ᠎ᠠ ᠪᠠᠷ ᠠᠷᠠᠳ ᠣᠯᠠᠨ ᠤ ᠤᠯᠤᠯᠳᠠ ᠲᠥᠷᠥᠭᠳᠡᠯ ᠴᠦ ᠬᠠᠮᠤᠭ ᠤᠨ ᠭᠦᠨᠵᠡᠭᠡᠶ | ᠶᠤᠮ᠃ ᠠᠭᠤᠯᠠ᠂ ᠤᠰᠤ᠂ ᠬᠤᠳᠠ ᠶᠢ ᠵᠠᠰᠠᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠤᠳᠠ ᠶᠢᠨ | ᠦᠢᠯᠡᠳᠪᠦᠷᠢᠯᠡᠯ ᠤᠨ ᠣᠷᠣᠨ ᠵᠠᠢ᠂ ᠠᠮᠢᠳᠤᠷᠠᠯ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠶᠢ ᠰᠢᠨᠵᠢᠯᠡᠬᠦ | ᠤᠬᠠᠭᠠᠨᠴᠢ ᠵᠦᠢ ᠵᠣᠬᠢᠰᠲᠠᠢ ᠪᠠᠷ ᠲᠥᠯᠥᠪᠵᠢᠭᠦᠯᠵᠦ᠂ ᠤᠯᠠᠨ ᠲᠦᠮᠡᠨ ᠳᠤ ᠲᠤᠭᠤᠷᠢᠵᠤ ᠰᠡᠯᠡᠭᠦᠴᠡᠬᠦ᠂ ᠪᠡᠶ᠎ᠡ | ᠴᠢᠭᠢᠷᠠᠭᠵᠢᠭᠤᠯᠬᠤ᠂ ᠵᠤᠭ᠎ᠠ ᠴᠡᠩᠭᠡᠯ ᠤᠨ ᠤᠯᠠᠨ ᠨᠡᠶᠢᠲᠡ ᠶᠢᠨ ᠲᠠᠯᠠᠪᠤᠷ ᠢ ᠢᠯᠡᠭᠦᠬᠡᠨ ᠪᠦᠲᠦᠬᠡᠨ ᠪᠠᠶᠢᠭᠤᠯᠵᠤ ᠥᠭᠬᠦ | ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ ᠲᠤᠬᠠᠢ ᠶᠢᠨ ᠲᠠᠯᠠᠪᠠᠢ ᠳᠤ ᠯᠢᠶᠣᠤᠨᠢᠩ ᠮᠤᠵᠢ ᠶᠢᠨ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠡᠨᠡ ᠵᠢᠯ ᠤᠮᠠᠷᠠᠲᠤ ᠣᠷᠣᠨ ᠳᠤ ᠪᠣᠷᠣᠭᠠᠨ ᠬᠤᠷ᠎ᠠ ᠨᠡᠯᠢᠶᠡᠳ ᠡᠯᠪᠡᠭ᠂ ᠦᠶᠡᠷ ᠤᠨ | ᠬᠤᠭᠤᠴᠠᠭ᠎ᠠ ᠳᠤ ᠤᠷᠤᠭᠰᠠᠨ ᠠᠴᠠ ᠨᠠᠭᠠᠰᠢ ᠯᠢᠶᠣᠤᠨᠢᠩ ᠳᠤ ᠣᠯᠠᠨ ᠤᠳᠠᠭ᠎ᠠ ᠰᠢᠷᠦᠭᠦᠨ ᠪᠣᠷᠣᠭᠠᠨ ᠣᠷᠣᠵᠤ᠂ ᠲᠠᠷᠢᠶ᠎ᠠ | ᠲᠦᠮᠦᠰᠦ ᠬᠤᠬᠢᠷᠠᠵᠤ᠂ ᠣᠯᠠᠨ ᠲᠦᠮᠡᠨ ᠤ ᠡᠳ᠋ ᠬᠥᠷᠥᠩᠭᠡ ᠬᠤᠬᠢᠷᠠᠯ ᠳᠤ ᠤᠴᠠᠷᠠᠪᠠ᠃ ᠯᠢᠶᠣᠤᠨᠢᠩ ᠮᠤᠵᠢ ᠶᠢᠨ ᠨᠠᠮ ᠤᠨ | ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ | ᠂ ᠭᠠᠮᠰᠢᠭ ᠠᠴᠠ ᠠᠪᠤᠷᠠᠨ ᠲᠤᠰᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ 20 ᠲᠦᠮᠡ | ᠰᠢᠬᠠᠮ ᠭᠠᠮᠰᠢᠭᠳᠠᠭᠰᠠᠨ ᠤᠯᠠᠨ ᠲᠦᠮᠡᠨ ᠢ ᠴᠠᠭ ᠲᠤᠬᠠᠢ ᠳᠤᠨᠢ ᠰᠢᠯᠵᠢᠭᠦᠯᠵᠦ᠂ ᠭᠠᠮᠰᠢᠭᠳᠠᠭᠰᠠᠨ ᠤᠯᠠᠨ ᠲᠦᠮᠡᠨ ᠤ | ᠢᠳᠡᠬᠦ ᠬᠤᠭᠤᠯᠠ ᠲᠠᠢ᠂ ᠡᠮᠦᠰᠭᠦ ᠬᠤᠪᠴᠠᠰᠤ ᠲᠠᠢ᠂ ᠤᠤᠭᠤᠬᠤ ᠴᠡᠪᠡᠷ ᠤᠰᠤ ᠲᠠᠢ᠂ ᠲᠦᠷ ᠴᠠᠭ ᠤᠨ ᠠᠮᠤᠷ ᠲᠦᠪᠰᠢᠨ | ᠰᠠᠭᠤᠬᠤ ᠭᠠᠵᠠᠷ ᠲᠠᠢ᠂ ᠡᠪᠡᠳᠴᠢᠨ ᠢᠶᠠᠨ ᠴᠠᠭ ᠲᠤᠬᠠᠢ ᠳᠤᠨᠢ ᠡᠮᠨᠡᠭᠦᠯᠵᠦ ᠳᠡᠶᠢᠯᠬᠦ ᠶᠢ ᠪᠠᠲᠤᠯᠠᠵᠤ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠰᠢ ᠶᠢᠨ ᠫᠢᠩ ᠭᠠᠮᠰᠢᠭᠳᠠᠭᠰᠠᠨ ᠤᠯᠠᠨ ᠲᠦᠮᠡᠨ ᠢ ᠠᠪᠤᠷᠠᠨ | ᠲᠤᠰᠠᠯᠠᠵᠤ ᠲᠥᠪᠬᠢᠨᠡᠭᠦᠯᠦᠭᠰᠡᠨ ᠪᠠᠶᠢᠳᠠᠯ ᠢ ᠮᠠᠰᠢ ᠬᠠᠯᠠᠮᠵᠢᠯᠠᠵᠤ ᠪᠠᠶᠢᠯ᠎ᠠ᠃ ᠲᠡᠷᠡ᠂ 8 ᠰᠠᠷ᠎ᠠ ᠪᠣᠯ ᠮᠦᠨ ᠴᠤ ᠤᠮᠠᠷᠠᠲᠤ | ᠣᠷᠣᠨ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠤᠨ | ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠠᠶᠤᠯ ᠲᠦᠭᠰᠢᠭᠦᠷᠢ ᠬᠡᠮ ᠰᠤᠭᠤᠭ ᠢ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠸ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ | ᠠᠳᠬᠤᠵᠤ᠂ ᠭᠠᠮᠰᠢᠭᠳᠠᠭᠰᠠᠨ ᠣᠯᠠᠨ ᠲᠦᠮᠡᠨ ᠢ ᠲᠤᠬᠢᠳᠠᠢ ᠲᠥᠪᠬᠢᠨᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠮᠰᠢᠭ ᠤᠨ ᠳᠠᠷᠠᠭᠠᠬᠢ ᠰᠡᠷᠭᠦᠭᠡᠵᠦ ᠲᠠᠬᠢᠨ ᠪᠦᠳᠦᠭᠡᠨ ᠪᠠᠶᠢᠭᠤᠯᠬᠤ | ᠲᠥᠯᠥᠪᠵᠢᠭᠦᠯᠭᠡ ᠶᠢ ᠰᠠᠶᠢᠲᠤᠷ ᠬᠢᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠬᠡᠪ ᠤᠨ ᠦᠢᠯᠡᠳᠪᠦᠷᠢᠯᠡᠯ | ᠠᠮᠢᠳᠤᠷᠠᠯ ᠢ ᠨᠢ ᠡᠷᠲᠡᠬᠡᠨ ᠰᠡᠷᠭᠦᠭᠡᠬᠦ ᠬᠡᠷᠡᠭᠲᠡᠢ᠃ ᠪᠠᠶᠢᠭᠤᠯᠤᠮᠵᠢ ᠲᠣᠭᠲᠡᠴᠡ ᠶᠢ ᠪᠦᠷᠢᠨᠰᠢᠬᠦᠯᠵᠤ᠂ ᠠᠷᠭᠠᠴᠡᠭᠠᠬᠤ | ᠲᠥᠰᠦᠯ ᠢ ᠲᠡᠭᠦᠯᠳᠡᠷᠵᠢᠭᠦᠯᠵᠦ᠂ ᠬᠠᠴᠢᠨ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠬᠦ ᠪᠠᠨ | ᠴᠢᠩᠭᠠᠳᠬᠠᠵᠤ᠂ ᠦᠶᠡᠷ ᠤᠰᠤᠲᠤᠯ ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠡᠭᠠᠨ | ᠠᠶᠤᠯ ᠠᠴᠠ ᠠᠪᠤᠷᠠᠵᠤ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ᠂ ᠵᠠᠷᠢᠮ ᠭᠠᠵᠠᠷ | ᠣᠷᠣᠨ ᠬᠦᠨᠳᠦ ᠨᠣᠴᠢᠲᠠᠢ ᠭᠠᠩ ᠬᠠᠭᠰᠠᠷᠠᠭᠠᠨ ᠲᠣᠬᠢᠶᠠᠯᠳᠤᠪᠠ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠦᠨᠡᠨ ᠬᠦ | ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃ | ᠳ᠋ᠦᠩ ᠬᠤ᠋ ᠰᠣᠶᠣᠯ ᠤᠨ ᠠᠭᠤᠳᠠᠮ ᠲᠠᠯᠠᠪᠠᠢ ᠳᠤ ᠰᠡᠯᠡᠭᠦᠴᠡᠨ ᠰᠣᠶᠣᠯ ᠤᠨ ᠠᠵᠢᠯᠯᠠᠭ᠎ᠠ ᠦᠷᠨᠢᠬᠦᠯᠵᠤ ᠪᠠᠶᠢᠭᠰᠠᠨ | ᠤᠯᠠᠨ ᠲᠦᠮᠡᠨ ᠶᠡᠷᠦᠩᠬᠡᠢ ᠱᠦᠵᠢ ᠶᠢᠨ ᠢᠷᠡᠭᠰᠡᠨ ᠢ ᠦᠵᠡᠭᠡᠳ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠠᠭᠠᠵᠤ | ᠪᠠᠶᠢᠯ᠎ᠠ᠃ ᠰᠢ ᠶᠢᠨ ᠫᠢᠩ ᠤᠯᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠬᠦ ᠠᠷᠠᠳ | ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠂ ᠵᠥᠪᠬᠡᠨ ᠴᠥᠭᠡᠨ ᠲᠣᠭᠠᠨ ᠤ ᠬᠥᠮᠦᠰ ᠪᠠᠶᠠᠵᠢᠬᠤ ᠶᠠᠪᠤᠳᠠᠯ | ᠪᠢᠰᠢ᠂ ᠬᠠᠷᠢᠨ ᠪᠦᠬᠦ ᠠᠷᠠᠳ ᠲᠦᠮᠡᠨ ᠬᠠᠮᠲᠤ ᠪᠠᠷ ᠪᠠᠶᠠᠵᠢᠬᠤ ᠶᠠᠪᠤᠳᠠᠯ ᠮᠥᠨ︔ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ | ᠣᠳᠣᠬᠢᠴᠢᠯᠠᠯᠲᠠ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠤᠪᠢᠰᠬᠠᠯ ᠤᠨ | ᠰᠣᠶᠣᠯ ᠢ ᠰᠠᠶᠢᠲᠤᠷ ᠬᠡᠷᠡᠭᠯᠡᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠠᠷᠠᠳ ᠲᠦᠮᠡᠨ ᠤ | ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠨᠠᠮ ᠤᠨ ᠠᠷᠪᠠᠨ | ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠨ ᠭᠦᠨᠵᠡᠭᠡᠶᠢᠷᠡᠬᠦᠯᠵᠦ ᠠᠬᠢᠭᠤᠯᠪᠠ᠂ ᠪᠢᠳᠡ ᠰᠢᠨ᠎ᠡ ᠴᠠᠭ | ᠦᠶ᠎ᠡ ᠶᠢᠨ ᠵᠡᠭᠦᠨ ᠬᠤᠶᠢᠲᠤ ᠣᠷᠣᠨ ᠤ ᠪᠥᠬᠦ ᠲᠠᠯ᠎ᠠ ᠪᠠᠷ ᠬᠥᠭᠵᠢᠨ ᠮᠠᠨᠳᠤᠬᠤ ᠳᠤ ᠢᠲᠡᠭᠡᠯ ᠳᠦᠭᠦᠷᠡᠩ ᠪᠠᠶᠢᠨ᠎ᠠ᠂ ᠪᠠᠰᠠ | ᠬᠦᠰᠡᠯ ᠡᠷᠡᠮᠡᠯᠵᠡᠯ ᠪᠢᠯᠬᠠᠮ᠎ᠠ ᠪᠠᠶᠢᠨ᠎ᠠ᠃ ᠵᠢᠨᠵᠧᠦ ᠪᠣᠯ ᠪᠠᠭᠠᠲᠤᠷᠯᠢᠬ ᠬᠤᠳᠠ ᠪᠣᠯᠬᠤ ᠪᠥᠭᠡᠳ ᠥᠪᠡᠷᠮᠢᠴᠡ ᠰᠣᠶᠣᠯ ᠤᠨ | ᠬᠡᠪ ᠨᠠᠮᠪᠠ ᠪᠠ ᠭᠦᠨ ᠵᠤᠵᠠᠭᠠᠨ ᠲᠡᠦᠬᠡ ᠰᠣᠶᠣᠯ ᠤᠨ ᠤᠤᠷ ᠲᠤᠨᠳᠠᠰᠤ ᠲᠠᠢ ᠬᠤᠳᠠ ᠶᠤᠮ᠃ ᠴᠡᠭᠴᠡᠯᠡᠨ ᠵᠠᠰᠠᠬᠤ ᠪᠠᠷ | ᠲᠠᠮᠵᠢᠨ᠂ ᠠᠳᠡᠬᠢ ᠠᠮᠢ ᠠᠬᠤᠢ ᠣᠷᠴᠢᠨ ᠲᠣᠭᠤᠷᠢᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ | ᠯᠤᠲᠤ ᠶᠡᠭᠡ ᠬᠤᠪᠢᠷᠠᠯᠲᠠ ᠭᠠᠷᠤᠭᠰᠠᠨ ᠢ ᠦᠵᠡᠭᠡᠳ ᠮᠠᠰᠢ ᠪᠠᠶᠠᠷᠯᠠᠵᠤ ᠪᠠᠶᠢᠨ᠎ᠠ᠃ ᠤᠯᠠᠨ ᠢᠶᠠᠷ ᠢᠶᠠᠨ ᠠᠮᠢ ᠠᠬᠤᠢ ᠶᠢ | ᠬᠠᠮᠠᠭᠠᠯᠠᠬᠤ᠂ ᠣᠷᠴᠢᠨ ᠲᠣᠭᠤᠷᠢᠨ ᠢ ᠬᠠᠶᠢᠷᠠᠯᠠᠬᠤ ᠤᠬᠠᠮᠰᠠᠷ ᠢᠶᠠᠨ ᠴᠢᠩᠭᠠᠳᠬᠠᠵᠤ᠂ ᠥᠪᠡᠷ ᠤᠨ ᠭᠡᠷ ᠣᠷᠣᠨ ᠢᠶᠠᠨ | ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ᠃ ᠨᠤᠲᠤᠭ ᠤᠨ ᠠᠬ᠎ᠠ ᠳᠡᠭᠦᠦ ᠨᠡᠷ ᠤᠨ | ᠬᠤᠶᠢᠰᠢᠳᠠ ᠶᠢᠨ ᠠᠮᠢᠳᠤᠷᠠᠯ ᠨᠡᠩ ᠵᠣᠯ ᠵᠢᠷᠭᠠᠯ ᠲᠠᠢ ᠨᠡᠩ ᠰᠠᠶᠢᠨ ᠰᠠᠶᠢᠬᠠᠨ ᠪᠣᠯᠬᠤ ᠶᠢ ᠵᠥᠩᠨᠡᠶ᠎ᠡ ᠭᠡᠵᠤ | ᠲᠤᠳᠤᠨᠤᠰᠤᠭ ᠢᠶᠠᠷ ᠬᠡᠯᠡᠵᠠᠢ᠃ | ᠰᠢ ᠶᠢᠨ ᠫᠢᠩ 17 ᠤ ᠡᠳᠦᠷ ᠮᠦᠭᠳᠡᠨ ᠬᠤᠳᠠ ᠳᠤ ᠰᠢᠨᠵᠢᠯᠡᠨ ᠪᠠᠶᠢᠴᠠᠭᠠᠪᠠ᠃ ᠲᠤᠰ ᠡᠳᠦᠷ ᠤᠨ ᠦᠳᠡ ᠶᠢᠨ | ᠬᠤᠶᠢᠨ᠎ᠠ᠂ ᠲᠡᠷᠡ ᠮᠦᠭᠳᠡᠨ ᠤ ᠰᠢᠨ ᠰᠦᠩ ᠮᠠᠰᠢᠨ ᠬᠥᠮᠦᠨ ᠤ ᠠᠦ᠋ᠲ᠋ᠣᠴᠢᠯᠠᠭᠰᠠᠨ ᠬᠤᠪᠢᠴᠠᠭᠠᠳᠤ ᠬᠢᠵᠠᠭᠠᠷᠲᠤ | ᠺᠣᠮᠫᠠᠨᠢ ᠳᠤ ᠬᠦᠷᠪᠡ᠃ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ ᠳᠤ᠂ ᠰᠢ ᠶᠢᠨ ᠫᠢᠩ ᠯᠢᠶᠣᠤᠨᠢᠩ ᠤᠨ ᠰᠢᠨ᠎ᠡ | ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠦᠬᠦᠯᠢ ᠴᠣᠭᠴᠠ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠯᠢᠶᠣᠤᠨᠢᠩ ᠤᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠳᠬᠦᠨ ᠤ ᠲᠥᠪᠯᠡᠷᠡᠬᠦᠯᠦᠭᠰᠡᠨ ᠲᠡᠯᠬᠡᠨ ᠦᠵᠡᠭᠦᠯᠭᠡ ᠶᠢ ᠪᠠᠶᠢᠴᠠᠭᠠᠨ ᠦᠵᠡᠭᠰᠡᠨ ᠪᠥᠭᠡᠳ ᠰᠢᠨ ᠰᠦᠩ ᠺᠣᠮᠫᠠᠨᠢ ᠶᠢᠨ | ᠦᠢᠯᠡᠳᠪᠦᠷᠢᠯᠡᠯ ᠡᠵᠡᠩᠨᠡᠯᠲᠡ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠪᠠ᠃ | ᠠᠵᠤ ᠠᠬᠤᠶᠢᠯᠠᠯ ᠤᠨ ᠦᠶᠯᠡᠳᠪᠦᠷᠢᠯᠡᠯ ᠤᠨ ᠲᠠᠰᠤᠭ ᠲᠤ᠂ ᠠᠵᠤ ᠦᠶᠯᠡᠳᠪᠦᠷᠢ ᠶᠢᠨ ᠮᠠᠰᠢᠨ ᠬᠥᠮᠦᠨ᠂ ᠬᠠᠮᠵᠢᠯᠴᠠᠵᠦ | ᠲᠡᠶᠢᠯᠬᠦ ᠮᠠᠰᠢᠨ ᠬᠥᠮᠦᠨ᠂ ᠣᠨᠴᠠ ᠲᠥᠷᠥᠯ ᠤᠨ ᠮᠠᠰᠢᠨ ᠬᠥᠮᠦᠨ ᠵᠡᠷᠭᠡ ᠶᠢ ᠶᠠᠭ ᠰᠢᠯᠭᠠᠨ ᠪᠠᠶᠢᠴᠠᠭᠠᠵᠤ ᠪᠠᠶᠢᠪᠠ᠃ ᠰᠢ | ᠶᠢᠨ ᠫᠢᠩ ᠮᠡᠷᠭᠡᠵᠢᠯ ᠤᠨ ᠠᠵᠢᠯᠳᠠᠨ ᠪᠣᠯᠤᠨ ᠠᠵᠤ ᠠᠬᠤᠶᠢᠯᠠᠯ ᠤᠨ ᠠᠵᠢᠯᠳᠠᠨ ᠠᠴᠠ ᠠᠵᠤ ᠠᠬᠤᠶᠢᠯᠠᠯ ᠤᠨ ᠭᠤᠣᠯᠯᠠᠬᠤ | ᠮᠡᠷᠭᠡᠵᠢᠯ ᠤᠨ ᠪᠤᠭᠤᠮᠳᠠ ᠰᠢᠪᠳᠤᠯᠬᠤ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠦᠭᠰᠡᠨ ᠪᠠ ᠠᠵᠤ ᠦᠢᠯᠡᠰᠵᠢᠭᠰᠡᠨ ᠬᠥᠭᠵᠢᠯᠲᠡ ᠳᠤ ᠣᠯᠤᠭᠰᠠᠨ ᠠᠮᠵᠢᠯᠲᠠ ᠶᠢ ᠨᠤᠲᠠᠯᠠᠵᠤ᠂ | ᠰᠢᠨ ᠰᠦᠩ ᠺᠣᠮᠫᠠᠨᠢ ᠳᠤᠮᠳᠠᠳᠤ ᠤᠯᠤᠰ ᠤᠨ ᠬᠤᠷᠳᠤᠴᠠ᠂ ᠳᠤᠮᠳᠠᠳᠤ ᠤᠯᠤᠰ ᠤᠨ ᠲᠦᠪᠰᠢᠨ ᠢ ᠢᠯᠡᠷᠡᠭᠦᠯᠵᠡᠢ ᠭᠡᠵᠤ | ᠢᠯᠡᠳᠭᠡᠪᠡ᠃ | ᠦᠢᠯᠡᠳᠪᠦᠷᠢ ᠶᠢᠨ ᠲᠠᠰᠤᠬ ᠤᠨ ᠭᠠᠳᠠᠨ᠎ᠠ᠂ ᠠᠵᠤ ᠠᠬᠤᠶᠢᠯᠠᠯ ᠤᠨ ᠠᠵᠢᠯᠳᠠᠨ ᠤ ᠲᠥᠯᠥᠭᠡᠯᠡᠭᠴᠢ ᠬᠦᠷᠢᠶᠡᠯᠡᠨ | ᠵᠤᠬᠰᠤᠵᠦ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠰᠢ ᠶᠢᠨ ᠫᠢᠩ᠂ ᠨᠠᠮ ᠤᠨ ᠲᠥᠪ ᠬᠤᠷᠢᠶ᠎ᠠ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠶᠢ ᠣᠨᠴᠠᠭᠠᠢ ᠴᠢᠬᠤᠯᠠᠴᠢᠯᠠᠵᠤ᠂ ᠰᠢᠨ᠎ᠡ ᠶᠢ ᠡᠭᠦᠳᠬᠦ ᠣᠷᠴᠢᠨ ᠨᠦᠬᠦᠴᠡᠯ ᠤᠨ | ᠪᠠᠶᠢᠭᠤᠯᠤᠯᠲᠠ ᠶᠢ ᠣᠨᠴᠠᠭᠠᠢ ᠴᠢᠬᠤᠯᠠᠴᠢᠯᠠᠵᠤ᠂ ᠮᠠᠨ ᠤ ᠤᠯᠤᠰ ᠤᠨ ᠠᠵᠤ ᠦᠢᠯᠡᠰ ᠤᠨ ᠲᠦᠪᠰᠢᠨ ᠪᠣᠯᠤᠨ ᠪᠣᠳᠠᠲᠤ | ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠲᠤᠮᠤ ᠤᠯᠤᠰ ᠠᠴᠠ ᠠᠵᠤ ᠠᠬᠤᠢ ᠶᠢᠨ | ᠬᠦᠴᠦᠷᠬᠡᠭ ᠤᠯᠤᠰ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠲᠡᠶᠢᠰᠢ ᠬᠤᠪᠢᠷᠠᠬᠤ ᠶᠢ ᠠᠬᠢᠭᠤᠯᠪᠠ᠃ | ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠬᠠᠮᠠᠭᠠᠯᠠᠬᠤ ᠦᠵᠡᠯ | ᠴᠤᠬᠤᠶᠢᠵᠤ ᠪᠠᠶᠢᠨ᠎ᠠ᠂ ᠭᠡᠪᠡᠴᠦ ᠪᠢᠳᠡ ᠡᠭᠦᠳᠡ ᠪᠠᠨ ᠨᠡᠭᠡᠭᠡᠵᠦ ᠪᠦᠳᠦᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠬᠤ ᠬᠡᠷᠡᠭᠲᠡᠢ | ᠃ ᠮᠠᠨ ᠤ ᠤᠯᠤᠰ ᠤᠨ ᠬᠥᠭᠵᠢᠯᠲᠡ ᠯᠠᠪᠳᠠᠭᠤᠨ ᠪᠠᠲᠤᠲᠠᠢ ᠪᠠᠶᠢᠵᠤ᠂ ᠠᠯᠬᠤᠮ ᠠᠯᠬᠤᠮ ᠢᠶᠠᠷ ᠤᠷᠤᠭᠰᠢᠯᠠᠬᠤ ᠮᠥᠷᠲᠡᠭᠡᠨ | ᠪᠠᠰᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠥ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠬᠤ ᠬᠡᠷᠡᠭᠲᠡᠢ᠃ | ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ | ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ | ᠵᠠᠮᠨᠠᠬᠤ ᠬᠡᠷᠡᠭᠲᠡᠢ᠃ ᠴᠠᠭ ᠮᠦᠴᠡ ᠲᠠᠢ ᠤᠷᠤᠯᠳᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠵᠤ᠂ ᠦᠷᠯᠦᠭᠡ ᠦᠳᠡᠰᠢ ᠶᠢ ᠲᠡᠮᠡᠴᠡᠨ ︽ᠪᠣᠭᠤᠮᠢ︾ ᠠᠰᠠᠭᠤᠳᠠᠯ ᠢ ᠰᠢᠢᠳᠪᠦᠷᠢᠯᠡᠵᠦ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠪᠣᠯᠤᠨ ᠲᠣᠨᠣᠭᠯᠠᠯ ᠦᠢᠯᠡᠳᠬᠦ ᠦᠢᠯᠡᠰ ᠢ ᠥᠪᠡᠷ ᠤᠨ ᠭᠠᠷ ᠲᠠᠭᠠᠨ ᠡᠵᠡᠮᠰᠢᠬᠦ ᠪᠠᠷ | ᠴᠢᠷᠮᠠᠶᠢᠬᠤ ᠬᠡᠷᠡᠭᠲᠡᠢ᠃ ᠵᠠᠯᠠᠭᠤᠴᠤᠳ ᠴᠤᠭ ᠵᠤᠯᠢ ᠪᠠᠳᠠᠷᠠᠩᠭᠤᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠬᠤ ᠪᠣᠯ | ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠡᠷᠡᠮᠡᠯᠵᠡᠯ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠣᠯᠭᠠᠵᠤ᠂ ᠵᠠᠯᠠᠭᠤᠴᠤᠳ ᠤᠨ ᠰᠢᠨ᠎ᠡ ᠶᠢ ᠡᠭᠦᠳᠴᠤ | ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠲᠡᠳᠡᠨ ᠤ ᠡᠯ᠎ᠡ ᠬᠦᠷᠢᠶᠡᠨ ᠳᠤ ᠵᠣᠷᠢᠭᠲᠠᠢ ᠪᠠᠷ | ᠰᠢᠨ᠎ᠡ ᠶᠢ ᠡᠭᠦᠳᠴᠦ᠂ ᠵᠣᠷᠢᠭᠲᠠᠢ ᠪᠠᠷ ᠨᠣᠶᠠᠨ ᠤᠷᠬᠢᠯ ᠳᠤ ᠠᠪᠠᠷᠢᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠬᠤᠸᠠᠩᠭᠦ᠋ ᠲᠣᠭᠤᠷᠢᠭ ᠤᠨ ᠰᠠᠨ ᠲᠠᠢ ᠽᠢ ᠵᠡᠭᠡᠯᠢ ᠭᠤᠳᠤᠮᠵᠢ ᠶᠢᠨ ᠮᠦᠳᠠᠨ ᠨᠡᠶᠢᠭᠡᠮ | ᠲᠣᠭᠤᠷᠢᠭ ᠲᠤ ᠬᠦᠷᠪᠡ᠃ ᠲᠤᠰ ᠨᠡᠶᠢᠭᠡᠮ ᠲᠣᠭᠤᠷᠢᠭ ᠨᠢ ᠳᠡᠭᠡᠷ᠎ᠡ ᠵᠠᠭᠤᠨ ᠤ ᠨᠠᠶᠠᠭᠠᠳ ᠣᠨ ᠳᠤ ᠪᠠᠶᠢᠭᠤᠯᠤᠭᠳᠠᠵᠤ᠂ | 3000 ᠭᠠᠷᠤᠢ ᠡᠷᠦᠬᠡ ᠰᠠᠭᠤᠭᠠᠯᠢ ᠠᠷᠠᠳ ᠲᠠᠢ ᠪᠠᠶᠢᠵᠤ᠂ ᠤᠢᠢᠷ᠎ᠠ ᠶᠢᠨ ᠵᠢᠯ ᠠᠴᠠ ᠰᠠᠭᠤᠷᠢ ᠲᠥᠬᠦᠭᠡᠷᠦᠮᠵᠢ ᠶᠢᠨ | ᠥᠭᠡᠷᠡᠴᠢᠯᠡᠯᠲᠡ ᠪᠠ ᠦᠢᠯᠡᠴᠢᠯᠡᠭᠡ ᠰᠠᠶᠢᠵᠢᠷᠠᠭᠰᠠᠨ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ | ᠨᠡᠶᠢᠭᠡᠮ ᠲᠣᠭᠤᠷᠢᠭ ᠪᠣᠯᠵᠠᠢ᠃ ᠰᠢ ᠶᠢᠨ ᠫᠢᠩ ᠤᠷᠢᠳ ᠬᠤᠵᠢᠳ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ | ᠤᠯᠠᠨ ᠲᠦᠮᠡᠨ ᠤ ᠦᠢᠯᠡᠴᠢᠯᠡᠭᠡᠨ ᠤ ᠲᠥᠪ᠂ ᠤᠯᠠᠨ ᠲᠦᠮᠡᠨ ᠤ ᠠᠵᠢᠯᠯᠠᠭᠠᠨ ᠤ ᠲᠥᠪ ᠪᠣᠯᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯᠳᠠᠨ᠂ ᠵᠣᠯ ᠵᠢᠷᠭᠠᠯ ᠤᠨ | ᠬᠥᠮᠦᠵᠢᠯ ᠤᠨ ᠬᠢᠴᠢᠶᠡᠯ ᠤᠨ ᠲᠠᠩᠬᠢᠮ ᠤᠨ ᠪᠠᠭᠰᠢ ᠰᠤᠷᠤᠬᠴᠢ ᠪᠣᠯᠤᠨ ᠨᠠᠰᠤᠲᠠᠶᠢᠴᠤᠤᠯ ᠰᠠᠶᠢᠨ ᠳᠤᠷᠠᠴᠤᠳ ᠠᠴᠠ | ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠭᠰᠠᠨ᠂ ᠣᠷᠣᠰᠢᠨ | ᠰᠠᠭᠤᠷᠢᠰᠢᠬᠤ ᠣᠷᠴᠢᠨ ᠨᠦᠬᠦᠴᠡᠯ ᠢ ᠰᠠᠶᠢᠵᠢᠷᠠᠭᠤᠯᠤᠭᠰᠠᠨ᠂ ᠠᠷᠠᠳ ᠲᠦᠮᠡᠨ ᠳᠤ ᠦᠢᠯᠡᠴᠢᠯᠡᠬᠦ ᠠᠵᠢᠯ ᠢ | ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠨᠠᠰᠤᠲᠠᠶᠢᠴᠤᠳ ᠤᠨ ᠬᠤᠭᠤᠯᠠᠨ ᠭᠡᠷ ᠲᠤ᠂ ᠰᠢ ᠶᠢᠨ ᠫᠢᠩ | ᠬᠤᠭᠤᠯᠠ ᠪᠠᠨ ᠢᠳᠡᠵᠦ ᠪᠠᠶᠢᠬᠰᠠᠨ ᠨᠠᠰᠤᠲᠠᠶᠢᠴᠤᠳ ᠠᠴᠠ ᠬᠤᠭᠤᠯᠠ ᠨᠢ ᠦᠨᠡᠲᠡᠢ ᠪᠠᠶᠢᠬᠤ ᠡᠰᠡᠬᠦ᠂ ᠨᠡᠶᠢᠭᠡᠮ | ᠲᠣᠭᠤᠷᠢᠭ ᠤᠨ ᠦᠢᠯᠡᠴᠢᠯᠡᠭᠡ ᠰᠠᠶᠢᠨ ᠪᠠᠶᠢᠬᠤ ᠡᠰᠡᠬᠦ᠂ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠶᠢ | ᠯᠠᠪᠯᠠᠨ ᠠᠰᠠᠭᠤᠪᠠ᠃ | ᠰᠢ ᠶᠢᠨ ᠫᠢᠩ ᠰᠠᠭᠤᠭᠠᠯᠢ ᠠᠷᠠᠳ ᠯᠢ ᠱᠦᠶ ᠶᠢᠨ ᠬᠡᠷ ᠲᠤ ᠬᠦᠷᠴᠦ᠂ ᠲᠣᠭᠤᠭᠠᠨ ᠬᠡᠷ᠂ ᠵᠤᠷᠯᠤᠩ᠂ | ᠤᠨᠲᠠᠯᠭ᠎ᠠ ᠶᠢᠨ ᠥᠷᠥᠭᠡ ᠵᠡᠷᠭᠡ ᠶᠢ ᠨᠢ ᠪᠠᠶᠢᠴᠠᠭᠠᠨ ᠦᠵᠡᠵᠦ᠂ ᠳᠠᠷᠠᠭ᠎ᠠ ᠨᠢ ᠵᠣᠴᠢᠳ ᠤᠨ ᠲᠢᠩᠬᠢᠮ ᠳᠤ ᠰᠠᠭᠤᠵᠤ | ᠲᠡᠳᠡᠨ ᠤ ᠬᠡᠷ ᠤᠨ ᠬᠥᠮᠦᠰ ᠲᠠᠢ ᠳᠣᠲᠣᠨᠣ ᠪᠠᠷ ᠶᠠᠷᠢᠯᠴᠠᠪᠠ᠃ ᠣᠯᠠᠨ ᠢᠶᠠᠷ ᠢᠶᠠᠨ ᠶᠡᠷᠦᠩᠬᠡᠶ ᠱᠦᠵᠢ ᠳᠤ᠂ ᠨᠡᠶᠢᠭᠡᠮ | ᠲᠣᠭᠤᠷᠢᠭ ᠢ ᠥᠭᠡᠷᠡᠴᠢᠯᠡᠨ ᠰᠢᠨᠡᠳᠭᠡᠬᠦ ᠪᠠᠷ ᠳᠡᠮᠵᠢᠨ᠂ ᠡᠪᠦᠯ ᠤᠨ ᠤᠯᠠᠷᠢᠯ ᠳᠤ ᠬᠡᠷ ᠳᠣᠲᠣᠷ᠎ᠠ ᠳᠤᠯᠠᠭᠠᠨ ᠪᠣᠯᠵᠣ᠂ ᠵᠠᠮ | ᠳᠡᠭᠡᠷ᠎ᠡ ᠤᠰᠤ ᠲᠤᠬᠲᠠᠬᠤ ᠠᠰᠠᠭᠤᠳᠠᠯ ᠢ ᠴᠤ ᠰᠢᠶᠳᠪᠦᠷᠢᠯᠡᠵᠦ᠂ ᠣᠷᠴᠢᠨ ᠲᠣᠭᠤᠷᠢᠨ ᠰᠠᠶᠢᠵᠢᠷᠠᠵᠤ᠂ ᠰᠡᠳᠭᠢᠯ ᠰᠠᠨᠠᠭ᠎ᠠ | ᠴᠤ ᠲᠡᠨᠢᠭᠦᠨ ᠪᠤᠯᠪᠠ᠃ ᠣᠳᠣ ᠬᠡᠦᠬᠡᠳ ᠰᠤᠷᠭᠠᠭᠤᠯᠢ ᠳᠤ ᠰᠠᠭᠤᠬᠤ ᠳᠤ ᠳᠥᠭᠦᠮ᠂ ᠨᠠᠰᠤᠲᠠᠨ ᠡᠪᠡᠳᠴᠢᠨ | ᠦᠵᠡᠭᠦᠯᠬᠦ ᠳᠤ ᠪᠠᠲᠤᠯᠠᠭ᠎ᠠ ᠲᠠᠢ ᠪᠤᠯᠵᠤ᠂ ᠠᠶᠢᠯ ᠰᠠᠭᠠᠬᠠᠯᠲᠠ ᠪᠠᠷ ᠢᠶᠠᠨ ᠨᠢᠭᠡ ᠭᠡᠷ ᠤᠨ ᠬᠥᠮᠦᠨ ᠰᠢᠭ ᠡᠶ᠎ᠡ ᠨᠠᠶᠢᠷᠳᠠᠢ | ᠪᠤᠯᠵᠡᠢ ᠬᠡᠵᠤ ᠬᠡᠯᠡᠵᠤ ᠦᠭᠴᠡᠢ᠃ ᠲᠡᠳᠡᠨ ᠤ ᠠᠮᠢᠳᠤᠷᠠᠯ ᠨᠢ ᠡᠶ᠎ᠡ ᠨᠠᠶᠢᠷᠳᠠᠢ ᠦᠬᠡᠳᠠᠯᠠᠵᠤ ᠪᠠᠶᠢᠭ᠎ᠠ ᠶᠢ ᠬᠠᠷᠠᠭᠠᠳ ᠰᠢ | ᠶᠢᠨ ᠫᠢᠩ ᠮᠠᠰᠢ ᠪᠠᠶᠠᠷᠯᠠᠵᠠᠢ᠃ | ᠨᠡᠶᠢᠭᠡᠮ ᠲᠣᠭᠤᠷᠢᠭ ᠠᠴᠠ ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ᠶᠡᠷᠦᠩᠬᠡᠢ ᠱᠦᠵᠢ ᠶᠢ | ᠬᠠᠯᠠᠭᠤᠨ ᠢᠶᠠᠷ ᠦᠳᠡᠨ ᠮᠣᠷᠳᠠᠭᠤᠯᠪᠠ᠃ ᠰᠢ ᠶᠢᠨ ᠫᠢᠩ ᠤᠯᠠᠨ ᠳᠤ᠂ ᠴᠢᠨᠡᠭᠡᠯᠢᠭᠵᠢᠯ ᠤᠨ ᠵᠡᠭᠦᠳᠦ᠂ ᠤᠯᠤᠰ ᠢᠶᠠᠨ | ᠬᠦᠴᠦᠷᠬᠡᠭᠵᠢᠭᠦᠯᠬᠦ ᠵᠡᠭᠦᠳᠦ᠂ ᠳᠤᠮᠳᠠᠳᠤ ᠶᠢᠨ ᠵᠡᠭᠦᠳᠦ ᠪᠣᠯ ᠡᠴᠦᠰ ᠤᠨ ᠡᠴᠦᠰ ᠲᠡᠭᠡᠨ ᠠᠷᠠᠳ ᠤᠯᠠᠨ ᠤ ︽ᠵᠣᠯ | ᠵᠢᠷᠭᠠᠯ ᠤᠨ ᠵᠡᠭᠦᠳᠦ︾ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠢᠪᠠ ᠲᠡᠮᠡᠴᠡᠯ ᠪᠣᠯ ᠴᠥᠮ ᠠᠷᠠᠳ | ᠲᠦᠮᠡᠨ ᠳᠤ ᠵᠣᠯ ᠵᠢᠷᠭᠠᠯ ᠡᠳ᠋ᠯᠡᠬᠦᠯᠬᠦ ᠶᠢᠨ ᠲᠥᠯᠥᠭᠡ ᠶᠤᠮ ᠭᠡᠵᠤ ᠬᠡᠯᠡᠪᠡ᠃ ᠲᠡᠷᠡ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠰᠢᠨᠡᠳᠭᠡᠬᠦ ᠪᠣᠯ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ | ᠠᠵᠢᠯ ᠪᠣᠯᠬᠤ ᠪᠥᠭᠡᠳ ᠬᠤᠲᠠ ᠶᠢ ᠰᠢᠨᠡᠳᠭᠡᠬᠦ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠤᠨ᠎ᠠ᠃ ᠠᠷᠠᠳ ᠤᠨ ᠲᠥᠯᠥᠭᠡ | ᠪᠠᠶᠢᠬᠤ᠂ ᠠᠷᠠᠳ ᠲᠤ ᠲᠦᠬᠦᠮ ᠦᠵᠡᠭᠦᠯᠬᠦ᠂ ᠠᠷᠠᠳ ᠢ ᠠᠮᠤᠷᠵᠢᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ | ᠴᠢᠳᠠᠬᠤ ᠶᠢᠨ ᠬᠢᠷᠢ ᠪᠠᠷ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠤᠰᠤ᠂ ᠴᠠᠬᠢᠯᠭᠠᠨ᠂ ᠬᠡᠢ | ᠵᠡᠷᠭᠡ ᠠᠮᠢᠳᠤᠷᠠᠯ ᠤᠨ ᠲᠤᠨᠤᠭ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠡᠳᠦᠷ | ᠲᠤᠳᠤᠮ ᠤᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠢ᠃ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠨᠠᠰᠤᠲᠠᠶᠢᠴᠤᠳ ᠪᠠ ᠬᠡᠦᠬᠡᠳ ᠪᠣᠯ ᠨᠡᠶᠢᠭᠡᠮ ᠲᠣᠭᠤᠷᠢᠭ ᠤᠨ ᠬᠠᠮᠤᠭ ᠤᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠮᠥᠨ᠂ ︽ᠨᠠᠰᠤᠲᠠᠶᠢᠴᠤᠳ ᠪᠤᠯᠤᠨ ᠬᠡᠤᠬᠡᠳ︾ ᠪᠣᠯ ᠣᠯᠠᠩᠬᠢ ᠭᠡᠷ ᠪᠦᠯᠢ ᠶᠢᠨ ᠭᠤᠣᠯ ᠠᠩᠬᠠᠷᠤᠨ ᠬᠠᠯᠠᠮᠵᠢᠯᠠᠬᠤ | ᠶᠠᠪᠤᠳᠠᠯ ᠪᠣᠯᠤᠨ᠎ᠠ᠃ ᠮᠠᠨ ᠤ ᠤᠯᠤᠰ ᠨᠢᠭᠡᠨᠲᠡ ᠨᠠᠰᠤᠵᠢᠯᠳᠠ ᠶᠢᠨ ᠨᠡᠶᠢᠭᠡᠮ ᠳᠤ ᠣᠷᠣᠪᠠ᠃ ᠨᠠᠰᠤᠵᠢᠯ ᠤᠨ ᠦᠢᠯᠡᠰ ᠪᠠ | ᠨᠠᠰᠤᠵᠢᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠨᠥᠬᠦᠴᠡᠯ ᠲᠠᠢ ᠭᠠᠵᠠᠷ ᠣᠷᠣᠨ ᠨᠠᠰᠤᠵᠢᠯ ᠤᠨ ᠠᠰᠠᠷᠠᠮᠵᠢ ᠶᠢᠨ | ᠲᠤᠨᠤᠭ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ | ᠪᠣᠶᠢᠵᠢᠬᠤ ᠨᠢ ᠤᠯᠤᠰ ᠪᠠ ᠦᠨᠳᠦᠰᠦᠲᠡᠨ ᠤ ᠢᠷᠡᠭᠡᠳᠦᠶ ᠲᠠᠢ ᠬᠤᠯᠪᠣᠭᠳᠠᠵᠤ᠂ ᠲᠦᠭ ᠲᠦᠮᠡᠨ ᠬᠡᠷ ᠪᠦᠯᠢ ᠶᠢᠨ ᠵᠣᠯ | ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠨ᠎ᠠ᠃ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠬᠢᠴᠢᠶᠡᠯ ᠤᠨ ᠭᠠᠳᠠᠨᠠᠬᠢ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ | ᠨᠠᠰᠤᠨ ᠳᠤ ᠦᠯᠦ ᠬᠦᠷᠦᠭᠰᠡᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠰᠡᠳᠭᠢᠴᠡ ᠶᠢᠨ ᠡᠷᠡᠭᠦᠯ ᠴᠢᠭᠢᠷᠠᠭ᠂ | ᠣᠶᠤᠨ ᠰᠠᠨᠠᠭᠠᠨ ᠤ ᠡᠷᠡᠭᠦᠯ ᠴᠢᠭᠢᠷᠠᠭ ᠢ ᠠᠬᠢᠭᠤᠯᠬᠤ ᠬᠡᠷᠡᠭᠲᠡᠶ᠃ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠨᠡᠩ ᠤᠯᠠᠨ ᠡᠬᠢ ᠪᠠᠶᠠᠯᠢᠭ ᠢ ᠨᠡᠶᠢᠭᠡᠮ ᠲᠣᠭᠤᠷᠢᠭ ᠲᠡᠶᠢᠰᠢ ᠬᠡᠯᠪᠡᠶᠢᠯᠭᠡᠬᠦ ᠶᠢ | ᠠᠬᠢᠭᠤᠯᠵᠤ᠂ ᠠᠷᠠᠳ ᠤᠯᠠᠨ ᠳᠤ ᠮᠠᠨ ᠤ ᠨᠠᠮ ᠪᠣᠯ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠳᠡᠭ᠂ ᠨᠠᠮ ᠡᠬᠦᠷᠢᠳᠠ ᠠᠷᠠᠳ ᠤᠯᠠᠨ ᠤ ᠳᠡᠷᠭᠡᠳᠡ ᠪᠠᠶᠢᠨ᠎ᠠ ᠬᠡᠳᠡᠭ ᠢ ᠮᠡᠳᠡᠷᠡᠬᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠰᠢ ᠶᠢᠨ ᠫᠢᠩ ᠤᠯᠠᠨ ᠤ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠤ ᠪᠦᠬᠦ ᠲᠠᠯ᠎ᠠ ᠶᠢᠨ ᠮᠠᠨᠳᠤᠯᠳᠠ | ᠬᠦᠭᠵᠢᠯᠳᠡ ᠳᠤᠮᠳᠠ ᠠᠮᠢᠳᠤᠷᠠᠯ ᠨᠢ ᠡᠳᠦᠷ ᠠᠴᠠ ᠡᠳᠦᠷ ᠰᠠᠶᠢᠵᠢᠷᠠᠬᠤ ᠶᠢ ᠬᠦᠰᠡᠨ ᠵᠥᠩᠨᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 8 ᠰᠠᠷ᠎ᠠ ᠶᠢᠨ 17 ᠤ ᠦᠳᠡ ᠶᠢᠨ ᠡᠮᠦᠨ᠎ᠡ᠂ ᠰᠢ ᠶᠢᠨ ᠫᠢᠩ ᠮᠦᠭᠳᠡᠨ ᠬᠤᠳᠠ ᠳᠤ᠂ ᠮᠦᠭᠳᠡᠨ ᠳᠤ ᠰᠠᠭᠤᠭ᠎ᠠ | ᠴᠡᠷᠢᠭ ᠠᠩᠬᠢ ᠶᠢᠨ ᠠᠬᠠᠯᠠᠬᠤ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠬᠤᠷᠢᠶᠠᠨ ᠤ ᠲᠡᠰ ᠤᠨ | ᠨᠢᠭᠡᠴᠢ ᠶᠢᠨ ᠭᠤᠣᠯ ᠣᠹᠢᠼᠧᠷ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠮᠦᠭᠳᠡᠨ ᠳᠤ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ | ᠪᠠᠶᠢᠯᠳᠤᠭᠴᠢᠳ ᠲᠤ ᠴᠢᠩ ᠰᠡᠳᠭᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠤᠯᠠᠨ ᠲᠠᠢ ᠬᠠᠮᠲᠤ ᠬᠡᠷᠡᠯ ᠵᠢᠷᠤᠭ | ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠤᠯᠵᠦ ᠠᠭᠤᠯᠵᠠᠪᠠ᠃ |