ᠠᠤᠬᠠᠨ ᠬᠤᠰᠢᠭᠤᠨ ᠤ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ  ᠵᠦᠢᠯ ᠤᠨ ᠲᠤᠬᠠᠶ ᠵᠥᠪᠳᠡᠯᠴᠡᠬᠦ ᠪᠠᠷ ᠢᠷᠡᠭᠰᠡᠨ ᠢ ᠪᠠᠶᠠᠷᠯᠠᠨ  ᠤᠭᠲᠤᠨ᠎ᠠ
ᠨᠡᠶᠢᠲᠡᠯᠡᠭᠰᠡᠨ ᠴᠠᠭ᠄
2022/8/24
   8 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠭᠤᠷᠪᠠᠳᠤᠭᠠᠷ ᠢᠨᠵᠧᠨᠧᠷᠢᠩ ᠤᠨ ᠲᠣᠪᠴᠢᠶ᠎ᠠ ᠶᠢᠨ ᠬᠢᠵᠠᠭᠠᠷᠲᠤ ᠺᠣᠮᠫᠠᠨᠢ᠂ ᠯᠦᠩ ᠲᠠᠢ ᠳ᠋ᠢ ᠳᠠᠮᠵᠢᠭᠤᠯᠬᠤ ᠬᠤᠭᠤᠯᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠠᠤᠬᠠᠨ ᠬᠤᠰᠢᠭᠤᠨ ᠳᠤ ᠢᠷᠡᠵᠦ  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ  ᠵᠦᠢᠯ ᠢ ᠵᠥᠪᠳᠡᠨ ᠶᠠᠷᠢᠯᠴᠠᠵᠤ᠂ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠳ᠋ᠧᠦ ᠰᠢᠶᠤᠤ ᠱᠠᠨ᠂ ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ‌‍ᠶᠣᠣ ᠶᠢᠨ ᠫᠧᠩ ᠵᠡᠷᠭᠡ ᠬᠠᠮᠢᠶ᠎ᠠ ᠪᠥᠬᠦᠶ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠵᠤ ᠶᠠᠷᠢᠯᠴᠠᠬᠤ ᠬᠤᠷᠠᠯ ᠬᠢᠪᠠ᠃    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠤᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠳᠤ ᠬᠦᠷᠴᠦ ᠭᠠᠵᠠᠷ ᠢ ᠨᠢ ᠰᠣᠩᠭᠤᠭᠰᠠᠨ ᠪᠥᠭᠡᠳ ᠭᠠᠵᠠᠷ ᠢ ᠨᠢ ᠪᠠᠶᠢᠴᠠᠭᠠᠨ ᠦᠵᠡᠵᠡᠢ᠃ ᠲᠤᠬᠠᠶ ᠶᠢᠨ ᠭᠠᠵᠠᠷ ᠲᠤᠨᠢ ᠣᠴᠢᠵᠤ ᠪᠠᠶᠢᠴᠠᠭᠠᠭᠰᠠᠨ ᠤ ᠲᠠᠷᠠᠭ᠎ᠠ ᠪᠠᠰᠠ ᠶᠠᠷᠢᠯᠴᠠᠬᠤ ᠬᠤᠷᠠᠯ ᠬᠢᠵᠦ᠂ ᠶᠠᠷᠢᠯᠴᠠᠬᠤ ᠬᠤᠷᠠᠯ ᠠᠴᠠ ᠭᠠᠵᠠᠷ ᠳᠣᠣᠷᠠᠬᠢ ᠳᠠᠷᠤᠯᠲᠠᠲᠤ ᠪᠤᠯᠤᠳ ᠬᠤᠭᠤᠯᠠᠶ ᠶᠢ ᠪᠣᠯᠪᠠᠰᠤᠷᠠᠭᠤᠯᠤᠨ ᠦᠢᠯᠡᠳᠬᠦ ᠵᠦᠢᠯᠡᠰ ᠤᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠡᠯᠡᠯᠴᠡᠭᠡᠷ ᠲᠣᠭᠲᠠᠭᠠᠬᠤ᠂ ᠠᠵᠢᠯᠯᠠᠬᠤ ᠠᠩᠬᠢ ᠶᠢ ᠵᠣᠬᠢᠶᠠᠨ ᠪᠠᠶᠢᠭᠤᠯᠬᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ᠂ ᠠᠵᠢᠯ ᠡᠬᠢᠯᠡᠭᠦᠯᠬᠦ ᠪᠠᠷ ᠲᠥᠯᠥᠪᠯᠡᠭᠰᠡᠨ ᠡᠳᠦᠷ ᠬᠤᠭᠤᠴᠠᠭ᠎ᠠ ᠵᠡᠷᠭᠡ ᠲᠠᠯ᠎ᠠ ᠪᠠᠷ ᠭᠦᠨᠵᠡᠭᠡᠶ ᠵᠥᠪᠳᠡᠯᠴᠡᠭᠰᠡᠨ ᠪᠥᠭᠡᠳ ᠰᠠᠨᠠᠯ ᠨᠢᠭᠡᠲᠡᠶ ᠪᠣᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号