ᠭᠤᠸᠠᠩ ᠼᠠᠢ ᠣᠯᠠᠨ ᠤᠯᠤᠰ ᠤᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠱᠧᠨᠵᠧᠨ︶ ᠤᠨ ᠬᠢᠵᠠᠭᠠᠷᠲᠤ ᠺᠣᠮᠫᠠᠨᠢ ᠠᠤᠬᠠᠨ ᠬᠤᠰᠢᠭᠤᠨ ᠳᠤ ᠢᠷᠡᠵᠦ ᠬᠡᠷᠡᠭᠯᠡᠭᠡ ᠶᠢ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2022/8/24
 
   ᠣᠶᠢᠷ᠎ᠠ ᠳᠤ᠂ ᠭᠤᠸᠠᠩ  ᠼᠠᠢ ᠣᠯᠠᠨ ᠤᠯᠤᠰ ᠤᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠱᠧᠨᠵᠧᠨ︶ ᠤᠨ ᠬᠢᠵᠠᠭᠠᠷᠲᠤ ᠺᠣᠮᠫᠠᠨᠢ ᠮᠠᠨ ᠤ ᠬᠤᠰᠢᠭᠤᠨ ᠳᠤ ᠢᠷᠡᠵᠦ ᠬᠡᠷᠡᠭᠯᠡᠭᠡ ᠶᠢ ᠬᠠᠪᠰᠤᠷᠤᠨ ᠲᠡᠳᠬᠦᠬᠦ ᠠᠵᠢᠯ ᠢ ᠰᠢᠨᠵᠢᠯᠡᠨ ᠪᠠᠶᠢᠴᠠᠭᠠᠵᠤ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠣᠯᠭᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠪᠠ᠃    ᠬᠤᠷᠠᠯ ᠳᠡᠭᠡᠷ᠎ᠡ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠯᠦᠩ ᠰᠢᠩ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠲᠣᠰ ᠲᠣᠰ ᠠᠤᠬᠠᠨ ᠤ ᠦᠨᠳᠦᠰᠦᠨ ᠪᠠᠶᠢᠳᠠᠯ ᠵᠢᠴᠢ ᠨᠠᠷᠢᠮᠤ᠂ ᠡᠯᠳᠡᠪ ᠠᠮᠤ ᠵᠡᠷᠭᠡ ᠤᠨᠴᠠᠯᠢᠬᠳᠤ ᠪᠦᠲᠦᠭᠡᠭᠳᠡᠬᠦᠨ ᠤ ᠬᠠᠮᠢᠶ᠎ᠠ ᠪᠥᠬᠦᠶ ᠪᠠᠶᠢᠳᠠᠯ ᠤᠨ ᠲᠤᠬᠠᠶ ᠲᠠᠨᠢᠯᠴᠠᠭᠤᠯᠪᠠ᠃ ᠭᠤᠸᠠᠩ ᠼᠠᠢ ᠤᠯᠠᠨ ᠤᠯᠤᠰ ᠤᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠱᠧᠨᠵᠧᠨ︶ ᠤᠨ ᠬᠢᠵᠠᠭᠠᠷᠲᠤ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠠᠪᠰᠤᠷᠤᠨ ᠲᠡᠳᠬᠦᠬᠦ ᠦᠢᠯᠡᠳᠬᠦᠨ ᠤ ᠬᠤᠳᠠᠯᠳᠤᠨ ᠠᠪᠴᠤ ᠪᠣᠷᠣᠯᠠᠭᠤᠯᠬᠤ ᠶᠠᠪᠤᠴᠠ ᠵᠢᠴᠢ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠲᠠᠨᠢᠯᠴᠠᠭᠤᠯᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠪᠰᠤᠷᠤᠨ ᠲᠡᠳᠬᠦᠬᠦ ᠦᠢᠯᠡᠳᠬᠦᠨ ᠤ ᠲᠦᠷᠦᠯ ᠲᠡᠮᠳᠡᠭ ᠢ ᠡᠭᠦᠳᠬᠦ᠂ ᠬᠠᠩᠭᠠᠨ ᠪᠣᠷᠣᠯᠠᠭᠤᠯᠬᠤ ᠠᠷᠭ᠎ᠠ ᠬᠡᠯᠪᠡᠷᠢ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠶᠢ ᠪᠦᠷᠢᠯᠳᠦᠭᠦᠯᠵᠡᠢ᠃    ᠬᠤᠷᠠᠯ ᠤᠨ ᠲᠠᠷᠠᠭ᠎ᠠ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠠᠷᠢᠶᠠᠯᠠᠩ ᠤᠨ ᠨᠠᠷᠢᠮᠤ ᠶᠢᠨ ᠪᠦᠯᠦᠭᠯᠡᠯ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ᠂ ᠾᠦᠢ ᠨᠢᠦ ᠱᠠ ᠽᠢ ᠸᠠᠩ   ᠬᠠᠲᠠᠭᠠᠭᠰᠠᠨ ᠦᠬᠡᠷ ᠤᠨ ᠮᠢᠬᠠᠨ ᠤ ᠦᠢᠯᠡᠳᠪᠦᠷᠢᠯᠡᠯ ᠤᠨ ᠱᠤᠭᠤᠮ᠂ ᠰᠢᠩ ᠳ᠋ᠧᠦ  ᠮᠦᠭᠦᠨ ᠮᠠᠭᠠᠯᠢᠩᠭᠤ ᠶᠢᠨ ᠲᠤᠰᠤᠨ ᠤ ᠦᠢᠯᠡᠳᠪᠦᠷᠢᠯᠡᠯ ᠤᠨ ᠱᠤᠭᠤᠮ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号