| 8 ᠰᠠᠷ᠎ᠠ ᠶᠢᠨ 23 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠸᠧᠨ ᠽᠠᠨ ᠰᠢᠩ ᠯᠦᠩ ᠸᠠ ᠪᠠᠯᠭᠠᠰᠤᠨ ᠳᠤ ᠬᠦᠷᠴᠦ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ | ᠰᠤᠳᠤᠯᠵᠠᠢ᠃ ᠸᠠᠩ ᠸᠧᠨ ᠽᠠᠨ ᠨᠠᠷ ᠤᠷᠢᠳ ᠬᠤᠵᠢᠳ ᠳ᠋ᠠ ᠳ᠋ᠢᠶᠠᠨ ᠽᠢ ᠲᠣᠰᠬᠤᠨ ᠪᠠ ᠭᠦᠸᠧ ᠵᠢᠶᠠ ᠱᠦᠶ | ᠴᠢᠤᠸᠠᠨ ᠲᠣᠰᠬᠤᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢᠨ | ᠲᠥᠷᠥᠯ ᠵᠦᠢᠯ ᠤᠨ ᠪᠠᠷᠢᠯᠭ᠎ᠠ ᠳᠠᠭᠤᠰᠴᠤ ᠬᠡᠷᠡᠭᠯᠡᠭᠰᠡᠨ ᠪᠠ ᠢᠨᠵᠧᠨᠧᠷᠢᠩ ᠤᠨ ᠠᠬᠢᠴᠠ ᠶᠢᠨ ᠪᠠᠶᠢᠳᠠᠯ ᠢ | ᠪᠠᠶᠢᠴᠠᠭᠠᠨ ᠰᠤᠳᠤᠯᠵᠤ᠂ ᠭᠦᠸᠧ ᠵᠢᠶᠠ ᠱᠦᠶ ᠴᠢᠤᠸᠠᠨ ᠲᠣᠰᠬᠤᠨ ᠳᠤ ᠬᠢᠨᠠᠨ ᠰᠢᠯᠭᠠᠬᠤ ᠡᠷᠦᠬᠡ ᠳᠤ ᠬᠦᠷᠴᠦ | ᠬᠡᠷ ᠪᠦᠯᠢ ᠶᠢᠨ ᠣᠷᠣᠯᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠠᠶᠢᠳᠠᠯ ᠢ ᠣᠶᠢᠯᠠᠭᠠᠪᠠ᠃ | ᠸᠠᠩ ᠸᠧᠨ ᠽᠠᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ | ᠵᠦᠢᠯ ᠤᠨ ᠠᠬᠢᠴᠠ ᠵᠢᠴᠢ ᠪᠠᠷᠢᠯᠭ᠎ᠠ ᠶᠢᠨ ᠶᠠᠰᠤ ᠴᠢᠨᠠᠷ᠂ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠲᠣᠳᠣᠷᠬᠠᠶ | ᠱᠠᠭᠠᠷᠳᠠᠯᠭ᠎ᠠ ᠪᠠ ᠪᠣᠳᠠᠲᠠᠶ ᠵᠢᠯᠣᠭᠤᠳᠬᠤ ᠰᠠᠨᠠᠯ ᠳᠤᠷᠠᠳᠪᠠ᠂ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠵᠢᠯ ᠤᠨ ᠡᠴᠦᠰ ᠤᠨ ᠦᠨᠡᠯᠡᠨ ᠵᠢᠱᠢᠬᠦ ᠪᠡᠯᠡᠳᠬᠡᠯ ᠠᠵᠢᠯ ᠢ ᠡᠷᠲᠡᠬᠡᠨ ᠥᠷᠨᠢᠭᠦᠯᠬᠦ ᠬᠡᠷᠡᠭᠲᠡᠶ︔ | ᠬᠤᠶᠠᠷ ᠲᠤ᠂ ᠲᠥᠪᠯᠡᠷᠡᠭᠦᠯᠦᠨ ᠬᠢᠨᠠᠨ ᠬᠡᠮᠵᠢᠬᠦ ᠠᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠡᠯ᠎ᠡ | ᠡᠷᠦᠬᠡ ᠶᠢᠨ ᠣᠷᠣᠯᠭ᠎ᠠ ᠶᠢᠨ ᠲᠠᠩᠰᠠ ᠶᠢ ᠰᠠᠶᠢᠲᠤᠷ ᠪᠤᠳᠤᠬᠤ ᠬᠡᠷᠡᠭᠲᠡᠶ︔ ᠭᠤᠷᠪᠠ ᠳᠤ᠂ ᠬᠠᠪᠰᠤᠷᠤᠨ ᠲᠡᠳᠬᠦᠬᠦ | ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠬᠠᠮᠢᠶ᠎ᠠ ᠪᠥᠬᠦᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ | ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠲᠦᠷᠪᠡ ᠳᠤ᠂ | ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠠᠲᠤᠯᠠᠬᠤ ᠬᠡᠷᠡᠭᠲᠡᠢ᠃ | |