ᠶᠢᠨ ᠴᠠᠩ ᠭᠧᠤ ᠯᠢᠶᠠᠩ ᠪᠠᠯᠭᠠᠰᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2022/8/25
 
   ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠬᠢᠭᠡᠳ ᠪᠠᠯᠭᠠᠰᠤᠨ ᠤ ᠵᠠᠰᠠᠭ ᠤᠨ ᠣᠷᠳᠣᠨ ᠤ ᠬᠠᠷᠢᠯᠴᠠᠭ᠎ᠠ ᠨᠡᠪᠲᠡᠷᠡᠯᠴᠡᠭᠡ ᠶᠢ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠶᠠᠪᠤᠳᠠᠯ ᠢ ᠨᠡᠩ ᠶᠡᠭᠡ ᠦᠷ᠎ᠡ ᠪᠦᠲᠦᠮᠵᠢ ᠲᠠᠢ ᠪᠣᠯᠭᠠᠵᠤ ᠭᠦᠢᠴᠡᠳ ᠪᠠᠳᠠᠷᠠᠭᠤᠯᠬᠤ ᠶᠢᠨ ᠲᠦᠯᠦᠭᠡ᠂ ᠣᠶᠢᠷ᠎ᠠ ᠳᠤ᠂ ᠶᠢᠨ ᠴᠠᠩ ᠭᠧᠤ ᠯᠢᠶᠠᠩ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠲᠠᠰᠤᠭ ᠲᠤ ︽ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ   ᠰᠣᠳᠤᠯᠬᠤ︾ ᠶᠠᠷᠢᠯᠴᠠᠬᠤ ᠬᠤᠷᠠᠯ  ᠬᠤᠷᠠᠯᠳᠤᠪᠠ᠂ ᠬᠤᠷᠠᠯ ᠢ ᠶᠢᠨ ᠴᠠᠩ ᠭᠧᠤ ᠯᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠵᠥᠪᠯᠡᠯᠭᠡᠨ ᠤ ᠬᠠᠷᠢᠯᠴᠠᠬᠤ ᠲᠠᠰᠤᠭ ᠤᠨ ᠡᠷᠬᠢᠯᠡᠭᠴᠢ ᠸᠠᠩ  ᠱᠤ᠋ ᠯᠢᠶᠠᠨ ᠡᠷᠭᠢᠯᠡᠵᠦ᠂ ᠪᠥᠬᠦ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠵᠠᠶ᠃    ᠶᠠᠷᠢᠯᠴᠠᠬᠤ ᠬᠤᠷᠠᠯ ᠳᠡᠭᠡᠷ᠎ᠡ᠂ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠥᠪᠡᠷ ᠤᠨ ᠣᠶᠢᠯᠠᠭᠠᠵᠤ ᠮᠡᠳᠡᠭᠰᠡᠨ ᠪᠠᠶᠢᠳᠠᠯ ᠪᠣᠯᠤᠨ ᠪᠣᠳᠣᠯ ᠰᠠᠨᠠᠯ ᠢᠶᠠᠨ ᠥᠪᠡᠷ ᠥᠪᠡᠷ ᠤᠨ ᠮᠡᠳᠡᠭᠦᠯᠦᠯᠲᠡ ᠬᠢᠵᠦ᠂ ᠪᠠᠯᠭᠠᠰᠤᠨ ᠤ ᠣᠳᠣᠬᠠᠨ ᠤ ᠵᠣᠷᠯᠣᠩ ᠤᠨ ᠥᠭᠡᠷᠡᠴᠢᠯᠡᠯᠲᠡ ᠶᠢᠨ ᠳᠤᠮᠳᠠ ᠢᠯᠡᠷᠡᠭᠰᠡᠨ ᠤᠯᠠᠨ ᠲᠦᠮᠡᠨ ᠤ ᠬᠦᠯᠢᠶᠡᠨ ᠠᠪᠬᠤ  ᠬᠡᠮᠵᠢᠶ᠎ᠡ ᠥᠨᠳᠥᠷ ᠪᠢᠰᠢ᠂ ᠦᠷᠭᠦᠯᠵᠢᠯᠡᠨ ᠰᠡᠯᠪᠢᠨ ᠵᠠᠰᠠᠬᠤ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠶᠠᠷᠢᠯᠴᠠᠨ ᠰᠣᠯᠢᠯᠴᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠥᠳᠡᠭᠡ ᠲᠣᠰᠬᠤᠨ ᠤ ᠤᠯᠠᠨ ᠲᠦᠮᠡᠨ ᠤ ᠡᠵᠡᠨ ᠬᠥᠮᠦᠨ ᠤ ᠤᠬᠠᠮᠰᠠᠷ ᠢ ᠳᠡᠭᠡᠭᠰᠢᠯᠡᠭᠦᠯᠬᠦ᠂ ᠰᠠᠨᠠᠭᠠᠴᠢᠯᠠᠭ᠎ᠠ ᠠᠴᠠ ᠪᠠᠨ ᠵᠣᠷᠯᠣᠩ ᠢ ᠠᠷᠢᠭᠤᠨ ᠴᠡᠪᠡᠷ ᠢᠶᠠᠷ ᠬᠠᠮᠠᠭᠠᠯᠠᠬᠤ ᠵᠢᠴᠢ ᠵᠣᠷᠯᠣᠩ ᠤᠨ ᠬᠤᠶᠢᠨᠠᠬᠢ ᠬᠠᠮᠢᠶᠠᠷᠤᠯᠲᠠ ᠬᠠᠮᠠᠭᠠᠯᠠᠯᠲᠠ ᠶᠢ ᠰᠢᠯᠢᠳᠡᠭᠵᠢᠭᠦᠯᠬᠦ ᠵᠡᠷᠭᠡ ᠤᠯᠠᠨ ᠰᠠᠨᠠᠭᠤᠯᠭ᠎ᠠ ᠶᠢ ᠳᠤᠷᠠᠳᠴᠠᠢ᠃    ᠬᠠᠮᠤᠭ ᠤᠨ ᠰᠡᠭᠦᠯ ᠳᠤ᠂ ᠶᠢᠨ ᠴᠠᠩ ᠭᠸᠤ ᠯᠢᠶᠠᠩ ᠪᠠᠯᠭᠠᠰᠤᠨ ᠤ ᠳᠡᠳ᠋ ᠳᠠᠷᠤᠭ᠎ᠠ ᠲᠢᠶᠠᠨ  ᠱᠤ᠋ ᠢᠦᠶ ᠲᠤᠰ ᠤᠳᠠᠭᠠᠨ ᠤ ᠶᠠᠷᠢᠯᠴᠠᠬᠤ ᠬᠤᠷᠠᠯ ᠳᠤ ᠳ᠋ᠦᠩᠨᠡᠯᠲᠡ ᠬᠢᠵᠦ᠂ ᠲᠣᠰ ᠤᠳᠠᠭᠠᠨ ᠤ ᠶᠠᠷᠢᠯᠴᠠᠬᠤ ᠬᠤᠷᠠᠯ ᠨᠢ ᠣᠳᠣᠬᠠᠨ ᠤ ᠮᠠᠨ ᠤ ᠪᠠᠯᠭᠠᠰᠤᠨ ᠤ ᠭᠤᠤᠯ ᠡᠭᠦᠷᠭᠡ ᠠᠵᠢᠯ ᠢ ᠰᠠᠯᠤᠯ ᠥᠬᠡᠶ ᠳᠠᠭᠠᠵᠤ᠂ ᠭᠡᠰᠢᠭᠦᠳ ᠤᠨ ᠳᠤᠷᠠᠳᠤᠭᠰᠠᠨ ᠠᠰᠠᠭᠤᠳᠠᠯ ᠵᠢᠴᠢ ᠰᠠᠨᠠᠭᠤᠯᠭ᠎ᠠ ᠨᠢ ᠭᠦᠨ ᠭᠦᠨᠵᠡᠭᠡᠶ ᠨᠠᠷᠢᠯᠢᠭ ᠪᠠᠶᠢᠵᠤ᠂ ᠦᠨᠳᠦᠰᠦᠨ ᠱᠠᠲᠤᠨ ᠤ ᠬᠠᠷᠠᠭᠠᠰᠤ ᠠᠴᠠ ᠠᠰᠠᠭᠤᠳᠠᠯ ᠢ ᠦᠵᠡᠵᠦ᠂ ᠴᠣ ᠰᠢᠨ᠎ᠡ ᠦᠨᠳᠦᠷᠴᠡ ᠳᠡᠭᠡᠷ᠎ᠡ ᠰᠠᠨᠠᠭᠤᠯᠭ᠎ᠠ ᠳᠤᠷᠠᠳᠴᠤ᠂ ᠣᠳᠣᠬᠠᠨ ᠤ ᠠᠵᠢᠯ ᠳᠤ ᠠᠰᠢᠭᠲᠠᠶ ᠰᠡᠳᠬᠢᠮᠵᠢ ᠶᠢ ᠬᠠᠩᠭᠠᠭᠰᠠᠨ ᠪᠥᠭᠡᠳ  ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠤᠭ ᠵᠢᠪᠬᠤᠭ᠎ᠠ ᠶᠢ ᠢᠯᠡᠷᠡᠭᠦᠯᠪᠡ ᠭᠡᠪᠡ  ᠃ ᠡᠭᠦᠨ ᠤ ᠬᠠᠮᠲᠤ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠳᠤ ᠰᠢᠨ᠎ᠡ ᠱᠠᠭᠠᠷᠳᠠᠯᠭ᠎ᠠ ᠳᠤᠷᠠᠳᠪᠠ᠄ ᠨᠢᠭᠡ ᠳᠤ᠂ ᠪᠠᠭ᠎ᠠ ᠶᠠᠪᠤᠳᠠᠯ ᠠᠴᠠ ᠶᠡᠭᠡ ᠶᠠᠪᠤᠳᠠᠯ ᠢ ᠦᠵᠡᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠭᠦᠨᠵᠡᠭᠡᠶ ᠪᠠᠶᠢᠴᠠᠭᠠᠵᠤ   ᠲᠤᠭᠤᠱᠢᠲᠠᠢ ᠰᠣᠳᠤᠯᠬᠤ ᠬᠡᠷᠡᠭᠲᠡᠢ᠃ ᠬᠤᠶᠠᠷ ᠲᠤ᠂ ᠳᠣᠣᠷ᠎ᠠ ᠣᠪᠣᠷ ᠢᠶᠠᠷ ᠬᠠᠨᠳᠤᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠲᠠᠢ ᠬᠠᠷᠢᠯᠴᠠᠵᠤ᠂ ᠲᠠᠷᠢᠶᠠᠨ ᠭᠠᠵᠠᠷ ᠲᠤ ᠢᠯᠡᠭᠦᠬᠡᠨ ᠬᠦᠷᠴᠦ ᠪᠣᠳᠠᠲᠠᠢ ᠪᠠᠶᠢᠴᠠᠭᠠᠨ ᠰᠤᠳᠤᠯᠤᠯᠲᠠ ᠬᠢᠬᠦ ᠬᠡᠷᠡᠭᠲᠡᠢ᠃ ᠭᠤᠷᠪᠠ ᠳᠤ᠂ ᠠᠰᠠᠭᠤᠳᠠᠯ ᠤᠨ ᠲᠥᠯᠥᠭᠡ ᠦᠭᠡ ᠬᠡᠯᠡᠬᠦ ᠪᠠᠷ ᠪᠠᠷᠠᠬᠤ ᠦᠭᠡᠢ᠂ ᠨᠡᠩ ᠴᠤ ᠠᠰᠠᠭᠤᠳᠠᠯ ᠢ ᠰᠤᠳᠤᠯᠵᠤ᠂ ᠦᠨᠡᠨ ᠬᠦ ᠪᠣᠯᠤᠮᠵᠢᠲᠠᠶ ᠰᠠᠨᠠᠭᠤᠯᠭ᠎ᠠ ᠳᠤᠷᠠᠳᠴᠤ᠂ ᠥᠪᠡᠷᠮᠢᠴᠡ ᠦᠵᠡᠯᠲᠡ ᠲᠠᠢ ᠪᠠᠶᠢᠬᠤ ᠬᠡᠷᠡᠭᠲᠡᠶ᠃ ᠲᠦᠷᠪᠡ ᠳᠤ᠂ ᠰᠠᠨᠠᠭᠠᠴᠢᠯᠠᠭ᠎ᠠ ᠦᠭᠡᠢ ᠪᠠᠶᠢᠳᠠᠯ ᠢ ᠰᠠᠨᠠᠭᠠᠴᠢᠯᠠᠭᠠᠲᠤ ᠪᠠᠶᠢᠳᠠᠯ ᠪᠣᠯᠭᠠᠵᠤ᠂ ᠤᠯᠠᠨ ᠲᠦᠮᠡᠨ ᠤ ᠳᠤᠮᠳᠠᠬᠢ ᠰᠢᠨ᠎ᠡ ᠬᠡᠷᠡᠭ ᠪᠣᠳᠠᠰ ᠢ ᠬᠤᠷᠴᠠ ᠰᠡᠷᠭᠡᠭ ᠢᠶᠠᠷ ᠰᠡᠷᠡᠵᠦ ᠮᠡᠳᠡᠵᠤ᠂ ᠬᠢᠯᠠᠰ ᠴᠡᠭ ᠢ ᠨᠢ ᠣᠯᠵᠤ᠂ ᠴᠠᠭ ᠲᠤᠬᠠᠶ ᠳᠤᠨᠢ ᠪᠦᠲᠦᠮᠵᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号