ᠯᠢᠦᠶ ᠰᠢ ᠮᠢᠨ ᠨᠡᠷ ᠮᠣᠳᠤᠨ ᠠᠶᠢᠯ ᠰᠢᠶᠠᠩ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2022/8/25
   8 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦᠶ ᠰᠢ ᠮᠢᠨ᠂ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠷᠧᠨ  ᠪᠣᠣ ᠭᠦᠢ ᠨᠠᠷ  ᠮᠣᠳᠤᠨ ᠠᠶᠢᠯ ᠰᠢᠶᠠᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠴᠤ᠂ ᠴᠢᠩ ᠱᠠᠨ ᠲᠣᠰᠬᠤᠨ ᠤ ᠥᠨᠳᠥᠷ ᠪᠠᠷᠢᠮᠵᠢᠶᠠᠲᠤ ᠣᠶᠤᠨᠴᠢ ᠲᠦᠬᠦᠭᠡᠷᠦᠮᠵᠢᠳᠤ ᠲᠠᠷᠢᠶᠠᠯᠠᠩ ᠤᠨ  ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂  ᠮᠣᠳᠤᠨ ᠠᠶᠢᠯ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠤᠨ ᠳ᠋ᠦᠩ ᠸᠠᠨ ᠽᠢ ᠲᠣᠰᠬᠤᠨ ᠤ ᠲᠦᠩ ᠸᠧᠢ ᠭᠡᠷᠡᠯ ᠴᠡᠨᠡᠭ ᠤᠨ ᠰᠠᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠡᠰᠡᠭ ᠤᠳᠤᠷᠢᠳᠬᠤ ᠪᠠᠭ ᠤᠨ ᠪᠦᠷᠢᠯᠳᠦᠬᠦᠨ ᠲᠠᠢ ᠰᠠᠨᠠᠯ ᠢᠶᠠᠨ ᠰᠣᠯᠢᠯᠴᠠᠵᠤ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠳᠠᠯ ᠢ ᠣᠶᠢᠯᠠᠭᠠᠪᠠ᠃    ᠴᠢᠩ ᠱᠠᠨ ᠲᠣᠰᠬᠤᠨ ᠤ ᠥᠨᠳᠥᠷ ᠪᠠᠷᠢᠮᠵᠢᠶᠠᠲᠤ ᠣᠶᠤᠨᠴᠢ ᠲᠦᠬᠦᠭᠡᠷᠦᠮᠵᠢᠳᠤ ᠲᠠᠷᠢᠶᠠᠯᠠᠩ ᠤᠨ  ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ ᠯᠢᠦᠢ ᠰᠢ ᠮᠢᠨ ᠠᠴᠠ ᠪᠡᠯᠡ ᠮᠥᠩᠭᠦ ᠶᠢᠨ ᠬᠡᠷᠡᠭᠯᠡᠯᠲᠡ ᠶᠢᠨ ᠣᠷᠣᠭᠤᠯᠤᠯᠲᠠ᠂ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ᠂ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠮᠡᠳᠡᠭᠡ ᠵᠠᠩᠭᠢᠵᠢᠯᠲᠠ ᠶᠢᠨ ᠤᠶᠤᠨᠴᠢᠯᠠᠯᠳᠠ ᠶᠢᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠨ ᠭᠠᠷᠭᠠᠪᠠ᠃    ᠮᠣᠳᠤᠨ ᠠᠶᠢᠯ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠯᠢᠦᠢ ᠰᠢ ᠮᠢᠨ᠂ ᠵᠣᠬᠢᠶᠠᠨ ᠪᠠᠶᠢᠭᠤᠯᠵᠤ ᠬᠥᠭᠵᠢᠭᠦᠯᠦᠨ ᠮᠠᠨᠳᠤᠭᠤᠯᠬᠤ ᠵᠢᠱᠢᠶ᠎ᠡ‌ᠦᠵᠡᠭᠦᠯᠬᠦ ᠲᠣᠰᠬᠤᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠬᠠᠲᠠᠭᠤ ᠲᠥᠬᠦᠭᠡᠷᠦᠮᠵᠢ︾ ᠶᠢ ᠴᠣᠭᠴᠠᠯᠠᠬᠤ ᠬᠡᠷᠡᠭᠲᠡᠢ ᠪᠥᠭᠡᠳ ᠪᠠᠰᠠ ︽ᠵᠥᠭᠡᠯᠡᠨ ᠦᠢᠯᠡᠴᠢᠯᠡᠭᠡ︾ ᠶᠢ ᠴᠢᠩᠭᠠᠳᠬᠠᠵᠤ᠂ ᠠᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠤᠨᠴᠠᠯᠢᠬᠳᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ᠂ ᠵᠣᠬᠢᠶᠠᠨ ᠪᠠᠶᠢᠭᠤᠯᠵᠤ ᠬᠥᠭᠵᠢᠭᠦᠯᠦᠨ ᠮᠠᠨᠳᠤᠭᠤᠯᠬᠤ  ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠲᠦᠪᠰᠢᠨ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠳ᠋ᠦᠩ ᠸᠠᠨ ᠽᠢ ᠲᠣᠰᠬᠤᠨ ᠤ ᠲᠦᠩ ᠸᠧᠢ ᠬᠡᠷᠡᠯ ᠴᠡᠨᠡᠭ ᠤᠨ ᠰᠠᠭᠤᠷᠢᠨ ᠳᠤ᠂ ᠯᠢᠦᠢ ᠰᠢ ᠮᠢᠨ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠡᠯ᠎ᠡ ᠲᠣᠰᠬᠤᠨ ᠤ ᠨᠠᠮ ᠤᠨ ᠡᠭᠦᠷ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠡᠷᠡᠯ ᠴᠡᠨᠡᠭ ᠤᠨ ᠠᠵᠤ ᠦᠢᠯᠡᠰ ᠢᠶᠠᠷ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠣᠯᠤᠨ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ︽ᠪᠣᠬᠢᠷᠲᠤᠯ ᠦᠭᠡᠢ ᠵᠠᠮ︾ ᠢ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号