ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ 2022 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2022/8/25
   8 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠡᠷᠬᠢᠯᠡᠭᠴᠢ ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ 2022 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ  ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠲᠥᠪ ᠤᠨ ᠨᠠᠶᠢᠷᠠᠭᠤᠯᠬᠤ ᠵᠥᠪᠯᠡᠯ ᠤᠨ ᠨᠡᠶᠢᠲᠡᠯᠡᠭᠰᠡᠨ ︽ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠣᠭᠲᠠᠭᠠᠯ ᠠᠴᠠ ᠵᠥᠷᠢᠴᠡᠭᠰᠡᠨ ᠰᠠᠬᠢᠯᠭ᠎ᠠ ᠪᠠᠲᠤ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ︵ᠲᠤᠷᠰᠢᠨ ᠬᠡᠷᠡᠭᠵᠢᠭᠦᠯᠬᠦ︶︾ ᠢ  ᠳᠠᠮᠵᠢᠭᠤᠯᠤᠨ ᠰᠤᠷᠤᠯᠴᠠᠵᠤ᠂ ᠳ᠋ᠠ ᠾᠸᠢ ᠱᠠᠨ ᠤᠢ ᠰᠢᠭᠤᠢ ᠶᠢᠨ ᠲᠠᠯᠠᠪᠠᠢ ᠶᠢ ᠲᠤᠰᠠᠭᠠᠷ ᠪᠠᠶᠢᠭᠤᠯᠬᠤ᠂ ᠬᠤᠰᠢᠭᠤᠨ ᠤ ᠰᠢᠭᠤᠳ ᠬᠠᠷᠢᠶ᠎ᠠ  ᠪᠠᠶᠢᠭᠤᠯᠭ᠎ᠠ ᠶᠢᠨ ᠰᠢᠨ᠎ᠡ ᠬᠤᠳᠠ ᠲᠣᠭᠤᠷᠢᠭ ᠤᠨ ᠬᠡᠦᠬᠡᠳ ᠤᠨ ᠴᠡᠴᠡᠷᠯᠢᠭ ᠢ ᠪᠠᠶᠢᠭᠤᠯᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠦᠢᠯᠡᠰ ᠤᠨ ᠣᠷᠣᠨ ᠲᠤᠭ᠎ᠠ ᠶᠢ ᠨᠡᠮᠡᠭᠳᠡᠭᠦᠯᠬᠦ᠂ 2022 ᠣᠨ ᠳᠤ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠪᠠ ᠬᠡᠰᠡᠭ  ᠪᠠᠶᠢᠭᠤᠯᠭ᠎ᠠ ᠶᠢᠨ ᠬᠤᠭᠤᠰᠣᠨ ᠣᠷᠣᠨ ᠲᠤᠭ᠎ᠠ ᠶᠢ ᠬᠡᠷᠡᠭᠯᠡᠬᠦ ᠶᠢ ᠵᠥᠪᠰᠢᠶᠡᠷᠡᠬᠦ ᠵᠡᠷᠭᠡ ᠶᠠᠪᠤᠳᠠᠯ ᠢ ᠰᠤᠳᠤᠯᠤᠨ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠤᠨ ᠣᠷᠣᠨ ᠲᠣᠭᠠᠨ ᠤ ᠵᠥᠪᠯᠡᠯ ᠤᠨ ᠨᠡᠶᠢᠲᠡᠯᠡᠭᠰᠡᠨ ︽ᠪᠠᠶᠢᠭᠤᠯᠤᠮᠵᠢ ᠶᠢᠨ ᠣᠷᠣᠨ ᠲᠤᠭ᠎ᠠ ᠶᠢᠨ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ  ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ︵ᠲᠤᠷᠰᠢᠨ ᠬᠡᠷᠡᠭᠵᠢᠭᠦᠯᠬᠦ︶︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠳᠦᠷᠢᠮ︾᠂ ︽ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠤᠨ ᠠᠷᠭ᠎ᠠ︾ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠲᠠᠢ  ᠨᠢᠭᠡᠳᠦᠯᠲᠡᠢ ᠪᠠᠶᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠳᠣᠭᠤᠱᠢᠯᠠᠭᠤᠯᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠠᠷᠭ᠎ᠠ  ᠬᠡᠮᠵᠢᠶ᠎ᠡ ᠮᠥᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠬᠢᠯᠭ᠎ᠠ ᠪᠠᠲᠤ ᠶᠢ ᠴᠢᠩᠳᠠᠯᠠᠬᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠲᠦᠢᠯ ᠤᠨ ᠴᠢᠬᠤᠯᠠ ᠤᠯᠤᠰ ᠲᠦᠷᠦ ᠶᠢᠨ ᠠᠴᠢ ᠬᠤᠯᠪᠣᠭᠳᠠᠯ ᠪᠠ ᠪᠣᠳᠠᠲᠤ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠦᠨ᠂ ᠪᠠᠶᠢᠭᠤᠯᠤᠮᠵᠢ ᠶᠢᠨ ᠣᠷᠣᠨ ᠲᠤᠭ᠎ᠠ ᠶᠢ  ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ ︽ᠤᠯᠠᠭᠠᠨ ᠱᠤᠭᠤᠮ︾ ᠢ ᠣᠨᠣᠪᠴᠢᠲᠠᠶ ᠡᠵᠡᠮᠳᠡᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ᠂ ᠪᠠᠶᠢᠭᠤᠯᠤᠮᠵᠢ ᠶᠢᠨ ᠣᠷᠣᠨ ᠲᠤᠭ᠎ᠠ ᠶᠢ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠱᠠᠭᠠᠷᠳᠠᠯᠭ᠎ᠠ ᠳᠤ ᠨᠡᠶᠢᠴᠡᠬᠦ ᠦᠭᠡᠢ ᠶᠢ ᠨᠢ ᠴᠦᠮ ᠬᠤᠯᠪᠣᠭᠳᠠᠯ ᠪᠦᠬᠦᠢ ᠬᠤᠷᠠᠯ ᠳᠤ ᠳᠡᠪᠰᠢᠭᠦᠯᠵᠦ ᠰᠤᠳᠤᠯᠤᠭᠤᠯᠤᠨ ᠬᠢᠨᠠᠨ ᠵᠥᠪᠯᠡᠭᠦᠯᠵᠦ ᠪᠣᠯᠬᠤ ᠦᠭᠡᠢ ᠪᠠᠶᠢᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠢ᠃ ︽ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠣᠭᠲᠠᠭᠠᠯ ᠠᠴᠠ ᠵᠥᠷᠢᠴᠡᠭᠰᠡᠨ ᠰᠠᠬᠢᠯᠭ᠎ᠠ ᠪᠠᠲᠤ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ  ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ︵ᠲᠤᠷᠰᠢᠨ ᠬᠡᠷᠡᠭᠵᠢᠭᠦᠯᠬᠦ︶︾ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠵᠢᠯᠴᠠᠵᠤ ᠬᠢᠵᠠᠭᠠᠷᠯᠠᠬᠤ ᠲᠣᠭᠲᠠᠴᠠ ᠶᠢ ᠭᠦᠨᠵᠡᠭᠡᠶᠢᠷᠡᠭᠦᠯᠦᠨ᠂ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠲᠥᠪ ᠤᠨ ᠨᠠᠶᠢᠷᠠᠭᠤᠯᠬᠤ ᠵᠥᠪᠯᠡᠯ ᠤᠨ ᠨᠡᠶᠢᠲᠡᠯᠡᠭᠰᠡᠨ ︽ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ  ᠦᠢᠯᠡ ᠠᠵᠢᠯᠯᠠᠭ᠎ᠠ ᠶᠢ  ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ︵ᠲᠤᠷᠰᠢᠨ ᠬᠡᠷᠡᠭᠵᠢᠭᠦᠯᠬᠦ︶︾ ᠢ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠭᠤᠤᠯ ᠴᠣᠭᠴᠠ ᠶᠢᠨ ᠠᠩᠭᠢ ᠶᠢᠨ ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠣᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ  ᠳᠠᠮᠵᠢᠭᠤᠯᠤᠨ ᠰᠤᠷᠤᠯᠴᠠᠬᠤ ᠶᠢ ᠰᠢᠮᠳᠠᠭᠤᠯᠵᠤ᠂ ᠡᠷᠬᠡᠪᠰᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃  ᠲᠣᠭᠤᠷᠢᠨ ᠪᠠᠶᠢᠴᠠᠭᠠᠬᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠲᠤᠰᠬᠠᠢ ᠪᠠᠶᠢᠴᠠᠭᠠᠯᠲᠠ ᠵᠡᠷᠭᠡ ᠲᠠᠢ ᠤᠶᠠᠯᠳᠤᠭᠤᠯᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠢᠨᠠᠯᠲᠠ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠲᠦᠮᠵᠢᠲᠡᠢ ᠬᠢᠨᠠᠯᠲᠠ ᠲᠠᠯᠪᠢᠯᠲᠠ ᠪᠠᠷ ᠬᠠᠤᠯᠢ ᠲᠣᠭᠲᠠᠭᠠᠯ ᠤᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠭᠡᠳᠡᠷᠬᠦ ᠰᠢᠬᠠᠮᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号