ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/10
    ᠣᠷᠴᠢᠮ ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠡᠷ ᠲᠡᠭᠡᠨ ᠪᠠᠶᠢᠭᠰᠠᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠢ᠃    ᠬᠤᠷᠠᠯ ᠠᠴᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠤᠯᠠᠭᠠᠨᠬᠠᠳᠠ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠪᠠ᠃    ᠬᠤᠷᠠᠯ ᠠᠴᠠ᠂ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠠᠶᠢᠲᠤᠷ  ᠳᠣᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠰᠡᠳᠦᠪ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠱᠤᠭᠤᠮ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠨ ᠪᠠᠳᠠᠷᠠᠭᠤᠯᠵᠤ᠂ ᠬᠥᠭᠵᠢᠯᠲᠡ ᠶᠢ ᠠᠳᠬᠤᠬᠤ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠤᠰᠢᠭᠤᠨ ᠲᠠᠰ ᠤᠨ ᠤᠳᠤᠷᠢᠳᠬᠤ ᠨᠥᠬᠦᠳ ᠰᠠᠶᠢᠲᠤᠷ ᠥᠯᠢᠭᠡᠷ ᠳᠠᠭᠤᠷᠢᠶᠠᠯ ᠪᠣᠯᠵᠤ᠂ ᠲᠦᠷᠦᠭᠦᠯᠡᠨ ᠡᠮᠦᠨ᠎ᠡ ᠨᠢ ᠭᠠᠪᠰᠢᠭᠠᠶᠢᠯᠠᠨ  ᠠᠵᠢᠯᠯᠠᠵᠤ᠂ ᠪᠡᠶ᠎ᠡ ᠪᠠᠷ ᠢᠶᠠᠨ ᠠᠵᠢᠯ ᠢᠶᠠᠨ ᠪᠠᠶᠢᠷᠢᠯᠠᠭᠤᠯᠤᠨ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠭᠦᠷᠭᠡ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠲᠦᠷᠦᠯ ᠵᠦᠢᠯ ᠢ ᠠᠬᠢᠭᠤᠯᠬᠤ ᠴᠤ ᠲᠡᠷᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠴᠤ ᠲᠡᠷᠡ᠂ ᠬᠢᠵᠦ ᠳᠡᠶᠢᠯᠬᠦ ᠶᠠᠪᠤᠳᠠᠯ ᠢ ᠳᠠᠷᠦ᠋ᠢᠬᠠᠨ ᠬᠢᠬᠦ ᠬᠡᠷᠡᠭᠲᠡᠢ᠂ ᠶᠠᠭᠠᠬᠢᠭᠰᠠᠨ ᠴᠤ ᠬᠦᠯᠢᠶᠡᠵᠦ ᠪᠣᠯᠬᠤ ᠦᠭᠡᠢ᠂ ᠰᠢᠢᠳᠪᠦᠷᠢᠯᠡᠬᠦ ᠳᠤ ᠬᠦᠴᠢᠷᠲᠡᠢ ᠶᠠᠪᠤᠳᠠᠯ ᠢ ᠬᠠᠤᠯᠢ ᠪᠠᠷ ᠰᠢᠢᠳᠪᠦᠷᠢᠯᠡᠬᠦ ᠬᠡᠷᠡᠭᠲᠡᠢ᠂ ᠶᠠᠭᠠᠬᠢᠭᠰᠠᠨ ᠴᠤ ᠵᠣᠭᠰᠣᠭᠠᠵᠤ ᠪᠣᠯᠬᠤ ᠦᠭᠡᠢ᠂ ᠡᠬᠢᠯᠡᠯᠲᠡ ᠶᠢᠨ ᠬᠤᠭᠤᠴᠠᠭ᠎ᠠ ᠪᠣᠯ ᠰᠢᠢᠳᠪᠦᠷᠢᠲᠦ ᠪᠠᠶᠢᠯᠳᠤᠭᠠᠨ᠂ ᠡᠬᠢᠯᠡᠯᠲᠡ ᠶᠢᠨ ᠬᠤᠭᠤᠴᠠᠭ᠎ᠠ ᠪᠣᠯ ᠰᠢᠪᠲᠤᠯᠤᠯᠲᠠ ᠬᠢᠬᠦ ᠪᠠᠶᠢᠳᠠᠯ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠥᠷᠨᠢᠯᠲᠡ ᠶᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ  ᠂ ᠤᠯᠠᠭᠠᠨᠬᠠᠳᠠ ᠬᠤᠲᠠ ᠶᠢᠨ ︽ᠬᠤᠶᠠᠷ ᠬᠤᠷᠠᠯ︾ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠱᠠᠲᠤᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠣᠨ᠎ᠠ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠳᠣᠭᠤᠰᠢᠯᠠᠭᠤᠯᠬᠤ ᠨᠢ ᠪᠥᠬᠦ ᠬᠤᠰᠢᠭᠤᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠬᠦ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭᠠᠨ ᠤ ᠮᠥᠨ ᠴᠢᠨᠠᠷ ᠪᠣᠯᠣᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠰᠢᠵᠦ᠂ ᠪᠦᠬᠦ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠳ ᠡᠯ᠎ᠡ ᠲᠥᠷᠥᠯ ᠤᠨ ᠤᠬᠠᠭᠤᠯᠭ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠨᠠᠷᠢᠨ ᠨᠢᠮᠪᠠᠢ ᠪᠠᠶᠢᠷᠢᠯᠠᠭᠤᠯᠵᠤ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ᠂ ᠪᠣᠰᠤᠭ᠎ᠠ ᠴᠣᠭᠴᠠ ᠪᠠᠷ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠰᠤᠷᠤᠯᠴᠠᠵᠤ ᠤᠬᠠᠭᠤᠯᠤᠨ ᠳᠣᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠠᠷ ᠪᠣᠶ ᠪᠣᠯᠭᠠᠬᠤ ᠬᠡᠷᠡᠭᠲᠡᠢ᠃ ᠳᠥᠷᠪᠡᠨ ᠤᠳᠤᠷᠢᠳᠬᠤ ᠪᠠᠭ ᠤᠨ ᠠᠯᠪᠠᠨ ᠭᠡᠷ ᠨᠢ ᠨᠢᠭᠲᠠ ᠬᠠᠮᠵᠢᠯᠴᠠᠵᠤ᠂ ᠪᠥᠬᠦ ᠬᠤᠰᠢᠭᠤᠨ ᠤ ︽ᠬᠤᠶᠠᠷ ᠬᠤᠷᠠᠯ︾ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠵᠦᠢᠯ ᠤᠨ ᠮᠡᠳᠡᠭᠦᠯᠦᠯᠲᠡ ᠪᠠ ᠪᠢᠴᠢᠭ ᠮᠠᠲ᠋ᠧᠷᠢᠶᠠᠯ ᠢ ᠨᠠᠷᠢᠨ ᠨᠢᠮᠪᠠᠢ ᠲᠤᠭᠤᠷᠪᠢᠵᠤ᠂ ᠡᠯ᠎ᠡ ᠵᠦᠢᠯ ᠤᠨ ᠬᠤᠷᠠᠯ ᠤᠨ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠭᠤᠭᠴᠤᠭ᠎ᠠ᠂ ᠡᠯ᠎ᠡ ᠶᠠᠪᠤᠴᠠ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ︽ᠬᠤᠶᠠᠷ ᠬᠤᠷᠠᠯ︾ ᠢ ᠬᠥᠮᠥᠨ ᠤ ᠰᠡᠳᠬᠢᠯ ᠢ ᠨᠢᠭᠲᠠᠷᠠᠭᠤᠯᠤᠭᠰᠠᠨ᠂ ᠰᠤᠷᠲᠠᠯ ᠴᠢᠬᠡᠴᠢ᠂ ᠡᠷᠴᠢ ᠵᠣᠷᠢᠭ ᠢ ᠬᠥᠪᠴᠢᠯᠡᠭᠰᠡᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号