| 1 ᠰᠠᠷ᠎ᠠ ᠶᠢᠨ 9 ᠤ ᠡᠳᠦᠷ᠂ ᠠᠤᠬᠠᠨ ᠬᠤᠰᠢᠭᠤ 2023 ᠣᠨ ᠤ ᠠᠩᠬᠠᠳᠤᠭᠠᠷ ᠤᠳᠠᠭᠠᠨ ᠤ ᠠᠶᠤᠯᠭᠦᠢ | ᠦᠢᠯᠡᠳᠪᠦᠷᠢᠯᠡᠯ ᠤᠨ ᠵᠥᠪᠯᠡᠯ ︵ᠥᠷᠭᠡᠳᠬᠡᠭᠰᠡᠨ︶ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠦ ᠵᠠᠨ ᠯᠢ ᠬᠤᠷᠠᠯ ᠳᠤ ᠣᠷᠣᠯᠴᠠᠵᠤ᠂ | ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠠᠯᠪᠠᠨ ᠭᠡᠷ ᠤᠨ ᠭᠤᠣᠯ ᠬᠠᠷᠢᠭᠤᠴᠠᠯᠭᠠᠲᠠᠨ᠂ ᠬᠤᠪᠢᠳᠠᠨ | ᠬᠠᠮᠢᠶᠠᠷᠬᠤ ᠬᠠᠷᠢᠭᠤᠴᠠᠯᠭᠠᠲᠠᠨ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ | ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠰᠢᠭᠤᠨ ᠤ ᠳᠣᠲᠣᠷᠠᠬᠢ ᠬᠡᠰᠡᠭ ᠭᠤᠣᠯᠳᠠᠯᠭ᠎ᠠ ᠲᠠᠢ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ 2022 ᠣᠨ ᠤ ᠪᠥᠬᠦ ᠬᠤᠰᠢᠭᠤᠨ ᠤ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠵᠦ᠂ 2023 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ | ᠪᠠᠶᠢᠷᠢᠯᠠᠭᠤᠯᠤᠯᠲᠠ ᠬᠢᠵᠡᠢ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠲᠠ ᠪᠠᠯᠭᠠᠰᠤᠨ ᠤ ᠰᠢᠲᠠᠮᠠᠬᠠᠢ ᠬᠡᠢ ᠪᠠ ᠥᠪᠡᠷ ᠢᠶᠠᠨ | ᠪᠠᠶᠢᠭᠤᠯᠤᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ ᠮᠡᠳᠡᠭᠳᠡᠪᠡ︔ | ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠰᠢᠨ᠎ᠡ ᠬᠡᠯᠪᠡᠷᠢ ᠶᠢᠨ ᠰᠢᠩᠭᠡᠨ ᠪᠡᠶᠡᠲᠦ ᠲᠦᠯᠡᠰᠢ ︵ᠠᠯᠺᠣᠣᠯ ᠤᠨ | ᠪᠦᠯᠦᠭ ᠤᠨ ᠲᠦᠯᠡᠰᠢ︶ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ ᠮᠡᠳᠡᠭᠳᠡᠪᠡ︔ ᠬᠤᠰᠢᠭᠤᠨ | ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠣᠶ ᠰᠢᠭᠤᠢ ᠨᠤᠲᠤᠭ | ᠪᠡᠯᠴᠢᠭᠡᠷ ᠤᠨ ᠭᠠᠯ ᠤᠨ ᠰᠡᠷᠭᠡᠶᠢᠯᠡᠯᠲᠡ ᠶᠢᠨ ᠪᠠᠶᠢᠳᠠᠯ ᠢ ᠮᠡᠳᠡᠭᠳᠡᠪᠡ︔ ᠬᠤᠰᠢᠭᠤᠨ ᠤ ᠭᠠᠯ ᠤᠨᠲᠠᠷᠠᠭᠠᠯᠲᠠ ᠶᠢᠨ | ᠠᠪᠤᠷᠠᠨ ᠲᠤᠰᠠᠯᠠᠬᠤ ᠶᠡᠭᠡ ᠠᠩᠭᠢ ᠶᠢᠨ ᠬᠠᠷᠢᠭᠤᠴᠠᠯᠭᠠᠲᠠᠨ ᠭᠠᠯ ᠤᠨᠲᠠᠷᠠᠭᠠᠯᠲᠠ ᠶᠢᠨ ᠭᠠᠯ ᠤᠨ ᠭᠠᠮᠰᠢᠭ ᠢ | ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ ᠮᠡᠳᠡᠭᠳᠡᠪᠡ᠃ | ᠲᠠᠷᠠᠭᠠᠴᠢ ᠶᠢᠨ ᠠᠯᠬᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠧᠦ | ᠵᠠᠨ ᠯᠢ᠂ ᠬᠤᠷᠢᠭ᠎ᠠ ᠱᠤᠭᠤᠮ ᠢ ᠪᠠᠷᠢᠮᠲᠠᠯᠠᠵᠤ᠂ ᠤᠯᠠᠭᠠᠨ ᠱᠤᠭᠤᠮ ᠢ ᠪᠠᠲᠤ ᠰᠠᠬᠢᠵᠤ᠂ ᠠᠶᠤᠯᠭᠦᠢ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠦᠢᠯ ᠤᠨ | ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠨᠠᠭᠠᠴᠢᠯᠠᠭᠠᠲᠤ ᠴᠢᠨᠠᠷ᠂ | ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠬᠢ | ᠡᠭᠦᠰᠦᠯ ᠠᠴᠠ ᠨᠢ ᠭᠠᠷᠳᠠᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠡᠯ᠎ᠡ ᠵᠦᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠵᠤ ᠨᠠᠷᠢᠨ ᠠᠳᠬᠤᠬᠤ ᠬᠡᠷᠡᠭᠲᠡᠢ᠃ ᠭᠤᠣᠯᠳᠠᠯᠭ᠎ᠠ ᠶᠢ | ᠳᠤᠪᠤᠶᠢᠯᠭᠠᠵᠤ᠂ ᠰᠠᠶᠢᠲᠤᠷ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠨᠠᠭᠠᠴᠢᠯᠠᠭᠠᠲᠤ ᠡᠷᠬᠡ ᠶᠢ | ᠪᠠᠲᠤ ᠡᠵᠡᠮᠳᠡᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ | ᠡᠨᠡ ᠡᠪᠦᠯ ᠢᠷᠡᠬᠦ ᠬᠠᠪᠤᠷ ᠤᠨ ᠠᠶᠤᠯᠭᠦᠢ ᠦᠢᠯᠡᠳᠪᠦᠷᠢᠯᠡᠯ ᠤᠨ ᠵᠢᠮ᠎ᠡ ᠬᠠᠤᠯᠢ ᠶᠢᠨ ᠣᠨᠴᠠᠯᠢᠭ ᠢ ᠭᠦᠨᠵᠡᠭᠡᠢ | ᠵᠠᠳᠠᠯᠵᠤ᠂ ᠭᠠᠷᠴᠤ ᠮᠡᠳᠡᠬᠦ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠤᠳᠤᠯᠤᠨ | ᠮᠠᠭᠠᠳᠯᠠᠬᠤ ᠬᠡᠷᠡᠭᠲᠡᠢ᠃ ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠪᠠ ᠠᠭᠤᠷ ᠠᠮᠢᠰᠬᠤᠯ ᠤᠨ | ᠣᠨᠴᠠᠯᠢᠭ ᠲᠤ ᠴᠢᠭᠯᠡᠭᠦᠯᠦᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠳᠣᠪᠤᠶᠢᠯᠭᠠᠵᠤ᠂ | ᠬᠢᠨᠠᠯᠲᠠ ᠬᠠᠮᠢᠶᠠᠷᠤᠯᠲᠠ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠳᠤᠲᠠᠭᠤᠳᠠᠯ ᠢ | ᠬᠦᠴᠦᠯᠡᠨ ᠨᠥᠬᠦᠪᠦᠷᠢᠯᠡᠵᠦ᠂ ᠲᠦᠭᠰᠢᠭᠦᠷᠢ ᠶᠢᠨ ᠳᠠᠯᠳᠠ ᠬᠡᠮ ᠤᠨ ᠠᠳᠡᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠤᠨ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠴᠡᠭᠴᠡᠯᠡᠨ ᠵᠠᠰᠠᠬᠤ ᠠᠵᠢᠯ ᠤᠨ | ᠬᠠᠷᠢᠭᠤᠴᠠᠯᠭ᠎ᠠ ᠶᠢᠨ ᠭᠤᠣᠯ ᠴᠣᠭᠴᠠ ᠲᠣᠳᠣᠷᠬᠠᠢ᠂ ᠠᠵᠢᠯ ᠤᠨ ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠡ | ᠪᠣᠳᠠᠲᠠᠢ ᠪᠠᠶᠢᠬᠤ ᠶᠢ ᠦᠨᠡᠨᠬᠦ ᠪᠡᠶᠡᠯᠡᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠯᠠᠪᠳᠠᠭᠤᠨ | ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠪᠠᠨ ᠲᠣᠳᠣᠷᠬᠠᠢ ᠮᠡᠳᠡᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠰᠤᠮᠤ ᠵᠡᠭᠡᠯᠢ | ᠭᠤᠳᠤᠮᠵᠢ ᠶᠢᠨ ᠠᠯᠪᠠᠨ ᠭᠡᠷ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠠᠵᠢᠯ ᠤᠨ ᠬᠡᠷᠡᠭᠵᠢᠭᠦᠯᠬᠦ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ | ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠮᠡᠳᠡᠭᠡ ᠵᠠᠩᠭᠢ ᠶᠢᠨ | ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠨᠠᠮ ᠪᠣᠯᠣᠨ ᠠᠷᠠᠳ ᠲᠦᠮᠡᠨ ᠳᠤ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠲᠡᠷᠡ ᠶᠣᠰᠣᠭᠠᠷ ᠨᠢ | ᠨᠠᠷᠢᠨ ᠪᠣᠳᠠᠲᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠢ ᠡᠷᠡᠰ ᠢᠶᠠᠷ ᠰᠡᠷᠭᠡᠶᠢᠯᠡᠨ | ᠬᠤᠷᠢᠭᠯᠠᠵᠤ᠂ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠪᠠᠲᠤᠯᠠᠵᠤ᠂ ᠰᠢᠨ᠎ᠡ ᠴᠠᠭ ᠦᠶ᠎ᠡ ᠶᠢᠨ ᠠᠤᠬᠠᠨ ᠬᠤᠰᠢᠭᠤᠨ ᠤ ᠪᠦᠭᠦ ᠲᠠᠯ᠎ᠠ ᠶᠢᠨ ᠣᠳᠣᠬᠢᠴᠢᠯᠠᠯᠲᠠ ᠶᠢᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | |