| ᠣᠷᠴᠢᠮ ᠤᠨ ᠡᠳᠦᠷ᠂ ᠬᠤᠰᠢᠭᠤᠨ ᠤ ᠵᠠᠰᠠᠭ ᠤᠨ ᠣᠷᠳᠣᠨ 2023 ᠣᠨ ᠤ ᠠᠩᠬᠠᠳᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ ᠢ ᠡᠷᠭᠢᠯᠡᠪᠡ᠃ ᠬᠤᠰᠢᠭᠤᠨ ᠤ ᠤᠳᠤᠷᠢᠳᠤᠯᠭ᠎ᠠ ᠵᠧᠦ | ᠵᠠᠨ ᠯᠢ᠂ ᠸᠠᠩ ᠸᠧᠨ ᠽᠠᠨ᠂ ᠵᠠᠩ ᠴᠢ ᠬᠠᠩ᠂ ᠵᠢᠢ ᠰᠢᠦᠢ ᠳ᠋ᠦᠩ᠂ ᠪᠦᠦ ᠯᠢᠨ ᠵᠢᠶᠠ᠂ ᠲᠡᠷᠭᠡᠯ᠂ ᠪᠢ ᠵᠢᠶᠠᠨ | ᠮᠢᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠧᠨ ᠸᠧᠢ᠂ ᠬᠡᠰᠡᠭ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃ | ᠬᠤᠷᠠᠯ ᠠᠴᠠ ︽ᠠᠤᠬᠠᠨ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠥᠪ ᠤᠨ ᠮᠡᠳᠡᠭᠦᠯᠦᠯᠲᠡ | ︵ᠲᠥᠰᠥᠯ︶︾ ᠶᠢ ᠰᠤᠳᠤᠯᠤᠨ ᠪᠠᠲᠤᠯᠠᠪᠠ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠲᠥᠰᠥᠪ ᠤᠨ ᠬᠠᠤᠯᠢ ᠪᠠᠷ ᠵᠠᠰᠠᠬᠤ | ᠤᠬᠠᠮᠰᠠᠷ ᠢ ᠴᠢᠩᠭᠠᠷᠠᠭᠤᠯᠵᠤ᠂ ︽ᠠᠷᠪᠢᠯᠠᠨ ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠠᠴᠢᠮ ᠬᠡᠷᠡᠭᠴᠡᠭᠡᠨ ᠪᠤᠰᠤ᠂ ᠵᠠᠪᠠᠯ ᠪᠣᠰᠤ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠪᠡᠯᠡ | ᠮᠥᠩᠭᠦ ᠶᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ | ᠪᠦᠲᠦᠮᠵᠢᠲᠡᠶ ᠪᠠᠷ ᠠᠮᠢᠳᠤᠯᠢᠭ ᠪᠣᠯᠭᠠᠵᠤ᠂ ᠵᠠᠷᠤᠯᠭ᠎ᠠ ᠶᠢᠨ ᠲᠣᠭᠲᠠᠪᠤᠷᠢᠵᠢᠯᠲᠠ ᠶᠢ ᠡᠪᠳᠡᠵᠦ᠂ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ᠃ ᠳᠤᠮᠳᠠ ᠬᠤᠭᠤᠴᠠᠭᠠᠨ ᠤ ᠡᠳ᠋ ᠤᠨ ᠵᠠᠰᠠᠭ ᠤᠨ | ᠲᠥᠯᠦᠪᠵᠢᠭᠦᠯᠭᠡ ᠶᠢᠨ ᠣᠨᠣᠯᠵᠢᠬᠤᠨ ᠢ ᠴᠢᠩᠭᠠᠳᠬᠠᠵᠤ᠂ ᠳᠤᠮᠳᠠ ᠬᠤᠭᠤᠴᠠᠭᠠᠨ ᠤ ᠲᠥᠯᠦᠪᠵᠢᠭᠦᠯᠭᠡ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠲᠥᠷᠥᠯ ᠵᠦᠢᠯ ᠤᠨ ᠬᠥᠮᠥᠷᠭᠡ ᠶᠢ ᠪᠣᠳᠠᠲᠠᠶᠢᠵᠢᠭᠤᠯᠤᠨ | ᠨᠠᠷᠢᠯᠢᠭ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ | ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠵᠢᠭᠠᠨ ᠭᠠᠷᠭᠠᠪᠠ᠃ | ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠣᠩᠭᠤᠬᠤ᠂ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠶᠠᠪᠤᠴᠠ ᠳᠤ᠂ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ︽ᠲᠡᠷᠢᠭᠦᠨ ᠵᠡᠷᠭᠡ ᠶᠢᠨ ᠶᠡᠭᠡ | ᠶᠠᠪᠤᠳᠠᠯ︾ ᠢ ᠠᠩᠬᠠᠷᠬᠤ ᠬᠡᠷᠡᠭᠲᠡᠢ ᠮᠥᠷᠲᠡᠭᠡᠨ ᠠᠷᠠᠳ ᠤᠨ ᠡᠳᠦᠷ ᠳᠤᠳᠤᠮ ᠤᠨ ᠠᠮᠢᠳᠤᠷᠠᠯ ᠤᠨ ︽ | ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠨᠡᠩ ᠠᠩᠬᠠᠷᠴᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ | ᠪᠣᠳᠣᠯᠬᠢᠯᠠᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠤᠯᠠᠨ ᠲᠦᠮᠡᠨ ᠤ ᠠᠰᠢᠭ | ᠲᠤᠰᠠ ᠪᠣᠯᠣᠨ ᠬᠡᠷᠡᠭᠴᠡᠭᠡ ᠱᠠᠭᠠᠷᠳᠠᠯᠭ᠎ᠠ ᠳᠤ ᠦᠨᠡᠨᠬᠦ ᠣᠶᠢᠷᠠᠲᠤᠬᠤ ᠬᠡᠷᠡᠭᠲᠡᠢ᠃ ᠴᠠᠭᠠᠨ ᠰᠠᠷ᠎ᠠ ᠤᠳᠠᠯ ᠦᠭᠡᠢ | ᠬᠦᠷᠴᠦ ᠢᠷᠡᠬᠦ ᠪᠣᠯᠣᠯ᠎ᠠ᠂ ᠦᠨᠡᠨ ᠪᠣᠳᠠᠲᠠᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠶᠠᠳᠠᠭᠤ ᠬᠦᠴᠢᠷᠳᠡᠯᠲᠡᠢ | ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠵᠦ᠂ ᠪᠥᠬᠦ | ᠬᠤᠰᠢᠭᠤᠨ ᠤ ᠠᠷᠠᠳ ᠲᠦᠮᠡᠨ ᠳᠤ ᠪᠠᠶᠠᠷ ᠬᠥᠷ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠡᠳ᠋ᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ ᠃ |