ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 17936 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠤᠷᠢᠳᠴᠢᠯᠠᠨ ᠳ᠋ᠦᠩᠨᠡᠨ ᠪᠤᠳᠤᠵᠤ ᠬᠢᠨᠠᠨ ᠲᠣᠭᠲᠠᠭᠠᠵᠤ ᠬᠢᠨᠠᠨ ᠬᠠᠰᠤᠪᠠ
ᠨᠡᠶᠢᠲᠡᠯᠡᠭᠰᠡᠨ ᠴᠠᠭ᠄
2023/1/11
     2022 ᠣᠨ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠬᠤ ᠲᠥᠪ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠥᠯᠴᠢ ᠪᠠᠶᠢᠬᠤ ᠵᠠᠷᠴᠢᠮ ᠢ ᠪᠠᠷᠢᠮᠲᠠᠯᠠᠨ᠂ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠪᠡ᠃ ᠪᠦᠷᠢᠳᠬᠡᠯ ᠢ ᠦᠨᠳᠦᠰᠦᠯᠡᠪᠡᠯ᠂ 2022 ᠣᠨ ᠤ ᠪᠦᠬᠦ ᠵᠢᠯ ᠤᠨ ᠤᠷᠢᠳᠴᠢᠯᠠᠨ ᠳ᠋ᠦᠩᠨᠡᠨ ᠪᠤᠳᠤᠭᠰᠠᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠯᠲᠠ ᠳᠤ ᠨᠡᠶᠢᠳᠡ 17936 ᠲᠦᠮᠡᠨ ᠲᠥᠭᠦᠷᠢᠭ ᠤᠨ ᠪᠡᠯᠡ ᠮᠥᠩᠭᠦ ᠶᠢ ᠬᠢᠨᠠᠨ ᠬᠠᠰᠤᠵᠤ᠂ ᠡᠭᠦᠨ ᠳᠤ ᠲᠥᠰᠥᠪ ᠤᠨ ᠬᠢᠨᠠᠨ ᠲᠣᠭᠲᠠᠭᠠᠯᠲᠠ ᠳᠤ ᠨᠡᠶᠢᠳᠡ 999 ᠵᠦᠢᠯ ᠤᠨ ᠪᠡᠯᠡ ᠮᠥᠩᠭᠦ ᠶᠢ ᠬᠢᠨᠠᠨ ᠲᠣᠭᠲᠠᠭᠠᠵᠤ᠂ ᠬᠦᠷᠭᠡᠨ ᠬᠢᠨᠠᠭᠤᠯᠬᠤ ᠵᠦᠢᠯᠡᠰ ᠤᠨ ᠵᠣᠭᠤᠰ ᠤᠨ ᠲᠤᠭ᠎ᠠ 152817 ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠵᠦᠢᠯᠡᠰ ᠤᠨ ᠵᠣᠭᠤᠰ ᠤᠨ ᠲᠤᠭ᠎ᠠ 135234 ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠪᠡᠯᠡ ᠮᠥᠩᠭᠦ 17583 ᠲᠦᠮᠡᠨ ᠲᠥᠭᠦᠷᠢᠭ ᠢ ᠬᠢᠨᠠᠨ ᠬᠠᠰᠤᠵᠤ᠂ ᠬᠢᠨᠠᠨ ᠬᠠᠰᠤᠭᠰᠠᠨ ᠨᠤᠷᠮ᠎ᠠ 11.51% ᠳᠤ ᠬᠦᠷᠴᠡᠢ︔ ᠳ᠋ᠦᠩᠨᠡᠨ ᠪᠤᠳᠤᠵᠤ ᠬᠢᠨᠠᠨ ᠲᠣᠭᠲᠠᠭᠠᠬᠤ ᠳᠤ ᠨᠡᠶᠢᠲᠡ 37 ᠵᠦᠢᠯ ᠤᠨ ᠬᠢᠨᠠᠨ ᠲᠣᠭᠲᠠᠭᠠᠬᠤ ᠪᠡᠯᠡ ᠮᠥᠩᠭᠦ᠂ ᠬᠦᠷᠭᠡᠵᠦ ᠬᠢᠨᠠᠭᠤᠯᠬᠤ ᠵᠦᠢᠯᠡᠰ ᠤᠨ ᠵᠣᠭᠤᠰ ᠤᠨ ᠲᠤᠭ᠎ᠠ 8974 ᠲᠦᠮᠡᠨ ᠲᠥᠭᠦᠷᠢᠭ᠂ ᠬᠢᠨᠠᠨ ᠲᠣᠭᠲᠠᠭᠠᠬᠤ ᠵᠦᠢᠯᠡᠰ ᠤᠨ ᠵᠣᠭᠤᠰ ᠤᠨ ᠲᠤᠭ᠎ᠠ 8621 ᠲᠦᠮᠡᠨ ᠲᠥᠭᠦᠷᠢᠭ᠂ ᠬᠢᠨᠠᠨ ᠲᠣᠭᠲᠠᠭᠠᠬᠤ ᠪᠡᠯᠡ ᠮᠥᠩᠭᠦ 353 ᠲᠦᠮᠡᠨ ᠲᠥᠭᠦᠷᠢᠭ᠂ ᠬᠢᠨᠠᠨ ᠬᠠᠰᠤᠭᠰᠠᠨ ᠨᠣᠷᠮ᠎ᠠ 3.93% ᠪᠣᠯᠣᠨ᠎ᠠ᠃    
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号