ᠠᠤᠬᠠᠨ ᠬᠤᠰᠢᠭᠤᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2023/1/11
   2022 ᠣᠨ ᠳᠤ᠂ ᠠᠤᠬᠠᠨ ᠤ ᠬᠠᠷᠢᠶ᠎ᠠ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠤᠰᠢᠭᠤᠨ ᠤ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠨᠣᠯᠵᠢᠬᠤᠨ ᠢ ᠦᠨᠡᠨᠬᠦ ᠬᠤᠪᠢᠷᠠᠭᠤᠯᠵᠤ᠂ ᠵᠣᠭᠤᠰᠤᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠳᠡᠮᠵᠢᠵᠦ᠂ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠢᠳᠡᠪᠬᠢᠲᠡᠢ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠭᠡᠳᠬᠡᠬᠦ ᠶᠢ ᠦᠷᠭᠦᠯᠵᠢᠯᠡᠨ ᠴᠢᠬᠤᠯᠠᠴᠢᠯᠠᠵᠤ᠂ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠲᠣᠭᠲᠠᠭᠤᠨ ᠢᠶᠠᠷ  ᠨᠡᠮᠡᠭᠳᠡᠭᠦᠯᠪᠡ᠃ ᠮᠥᠩᠭᠦᠨ ᠭᠦᠢᠯᠭᠡᠭᠡᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠬᠠᠷᠢᠶ᠎ᠠ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤᠮᠳᠠ ᠴᠢᠬᠤᠯᠠ ᠲᠤᠯᠭᠠᠭᠤᠷᠢᠯᠠᠯ ᠪᠠ ᠠᠬᠢᠭᠤᠯᠬᠤ ᠦᠢᠯᠡᠳᠦᠯ ᠦᠵᠡᠭᠦᠯᠪᠡ᠃    2022 ᠣᠨ ᠤ 12 ᠰᠠᠷ᠎ᠠ ᠳᠤ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 236.43 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 29.92 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 14.49% ᠨᠡᠮᠡᠭᠳᠡᠪᠡ︔ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 133.72 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 16.84 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 14.41% ᠨᠡᠮᠡᠭᠳᠡᠵᠡᠢ︔ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢᠨ ᠦᠯᠡᠳᠡᠪᠦᠷᠢ 102.95 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 8.63 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 9.15% ᠪᠠᠷ ᠨᠡᠮᠡᠭᠳᠡᠪᠡ︔ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 30.1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 4.97 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 19.76% ᠨᠡᠮᠡᠭᠳᠡᠵᠡᠢ︔ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ ᠨᠢ 56.56% ᠪᠣᠯᠣᠨ᠎ᠠ᠃      ᠪᠥᠬᠦ ᠬᠤᠰᠢᠭᠤᠨ ᠤ ᠳᠠᠭᠠᠳᠬᠠᠯ ᠤᠨ ᠦᠢᠯᠡᠰ ᠤᠨ ᠳᠠᠭᠠᠳᠬᠠᠯ ᠤᠨ ᠰᠦᠢᠳᠬᠡᠯ ᠤᠨ ᠣᠷᠣᠯᠭ᠎ᠠ 2.21 ᠳ᠋ᠦᠩᠰᠢᠭᠤᠷ ᠲᠥᠭᠦᠷᠢᠭ ᠲᠤ ᠬᠦᠷᠴᠦ᠂ 0.77 ᠳ᠋ᠦᠩᠰᠢᠭᠤᠷ ᠲᠥᠭᠦᠷᠢᠭ ᠤᠨ ᠲᠥᠯᠥᠪᠦᠷᠢ ᠲᠦᠯᠦᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号