ᠰᠠᠯᠪᠤᠷᠢ ᠰᠢᠶᠠᠩ᠄ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2023/1/13
    ᠤᠳᠠᠯ ᠦᠭᠡᠢ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠪᠦᠬᠦ ᠰᠢᠶᠠᠩ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠬᠤᠷᠢᠭᠯᠠᠬᠤ ᠶᠢᠨ ᠲᠥᠯᠥᠭᠡ᠂ ᠦᠵᠡᠯ ᠰᠠᠨᠠᠭ᠎ᠠ᠂ ᠳᠦᠷᠢᠮ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢᠨ ᠲᠠᠯ᠎ᠠ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠪᠠᠲᠤᠯᠠᠬᠤ ᠬᠡᠷᠡᠭᠲᠡᠢ᠃ 1 ᠰᠠᠷ᠎ᠠ ᠶᠢᠨ 11 ᠤ ᠡᠳᠦᠷ᠂  ᠰᠠᠯᠪᠤᠷᠢ ᠰᠢᠶᠠᠩ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠦᠷᠳᠡᠭᠡ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠨ ᠢ ᠳᠠᠭᠠᠭᠤᠯᠤᠨ ᠪᠦᠬᠦ ᠰᠢᠶᠠᠩ ᠤᠨ ᠬᠡᠪᠴᠢᠶᠡᠨ ᠳᠤ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ  ᠶᠡᠭᠡ ᠪᠠᠶᠢᠴᠠᠭᠠᠯᠲᠠ ᠶᠢ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠪᠠᠨ ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ᠴᠡᠭ᠂ ᠰᠢᠩᠭᠡᠵᠢᠮᠠᠯ ᠬᠡᠢ ᠶᠢᠨ ᠦᠷᠳᠡᠭᠡ᠂ ᠴᠠᠭᠠᠰᠤ ᠬᠢᠬᠦ ᠦᠢᠯᠡᠳᠪᠦᠷᠢ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ᠂ ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ᠬᠠᠨᠳᠤᠰᠢ ᠠᠴᠠ ᠳᠠᠩᠰᠠᠯᠠᠭᠰᠠᠨ᠂ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠡᠰᠡᠬᠦ ᠵᠡᠷᠭᠡ ᠪᠠᠶᠢᠳᠠᠯ ᠳᠤ ᠶᠡᠷᠦᠩᠬᠡᠶᠢᠯᠡᠭᠰᠡᠨ ᠪᠠᠶᠢᠴᠠᠭᠠᠯᠲᠠ ᠬᠢᠵᠡᠢ᠃ ᠡᠭᠦᠨ ᠤ ᠬᠠᠮᠲᠤ᠂ ᠪᠠᠶᠢᠴᠠᠭᠠᠬᠤ ᠠᠵᠢᠯᠲᠠᠨ ᠡᠵᠡᠩᠨᠡᠭᠴᠢ᠂ ᠠᠵᠤ ᠠᠬᠤᠶᠢᠯᠠᠯ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠯ᠎ᠡ ᠡᠵᠡᠩᠨᠡᠭᠴᠢ᠂ ᠠᠵᠤ ᠠᠬᠤᠶᠢᠯᠠᠯ ᠢ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠪᠠᠴᠢᠮ ᠪᠠᠶᠢᠳᠠᠯ ᠢ ᠠᠷᠭᠠᠴᠠᠬᠤ ᠳᠦᠷᠢᠮ ᠢ ᠪᠠᠶᠢᠭᠤᠯᠵᠤ᠂ ᠬᠠᠤᠯᠢ ᠶᠣᠰᠣᠭᠠᠷ ᠡᠵᠡᠩᠨᠡᠬᠦ᠂ ᠠᠮᠤᠷ ᠲᠦᠪᠰᠢᠨ ᠢᠶᠠᠷ ᠡᠵᠡᠩᠨᠡᠬᠦ᠂ ᠠᠶᠤᠯᠭᠦᠢ ᠦᠢᠯᠡᠳᠪᠦᠷᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠪᠠᠶᠢᠴᠠᠭᠠᠬᠤ ᠳᠤᠭᠤᠶᠢᠯᠠᠩ ᠤᠨ ᠱᠠᠭᠠᠷᠳᠠᠯᠭ᠎ᠠ᠂ ᠬᠠᠷᠢᠶ᠎ᠠ ᠣᠷᠣᠨ ᠤ ᠡᠯ᠎ᠡ ᠬᠠᠮᠢᠶ᠎ᠠ ᠪᠦᠬᠦᠢ ᠨᠢᠭᠡᠴᠡ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠬᠠᠷᠢᠭᠤᠴᠠᠯᠭᠠᠲᠠᠳ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠤᠸᠠᠷ ᠫᠤᠤᠵᠢᠩ ᠡᠵᠡᠩᠨᠡᠵᠦ ᠪᠠᠶᠢᠭ᠎ᠠ ᠬᠤᠪᠢ ᠪᠠᠷ ᠢᠶᠠᠨ ᠬᠤᠸᠠᠷ ᠫᠤᠤᠵᠢᠩ ᠬᠤᠳᠠᠯᠳᠤᠨ ᠠᠪᠬᠤ ᠠᠷᠭ᠎ᠠ ᠵᠠᠮ ᠪᠠ ᠪᠣᠷᠣᠯᠠᠭᠤᠯᠬᠤ ᠠᠷᠭ᠎ᠠ ᠵᠠᠮ ᠢ ᠲᠣᠳᠣᠷᠬᠠᠢ ᠲᠡᠮᠳᠡᠭᠯᠡᠵᠦ᠂ ᠦᠨᠡᠮᠯᠡᠯ ᠦᠭᠡᠢ ᠪᠠᠷ ᠬᠠᠤᠯᠢ ᠪᠤᠰᠤ ᠪᠠᠷ ᠬᠤᠸᠠᠷ ᠫᠤᠤᠵᠢᠩ ᠬᠤᠳᠠᠯᠳᠤᠳᠠᠭ ᠵᠢᠵᠢᠭ ᠬᠤᠳᠠᠯᠳᠤᠭᠠᠴᠢᠨ ᠳᠤ ᠪᠠᠷᠠᠭ᠎ᠠ ᠬᠠᠩᠭᠠᠬᠤ ᠶᠢ ᠴᠢᠩᠭ᠎ᠠ ᠴᠠᠭᠠᠵᠠᠯᠠᠵᠤ᠂ ᠪᠣᠷᠣᠯᠠᠭᠤᠯᠬᠤ ᠶᠠᠪᠤᠴᠠ ᠳᠠᠭᠠᠨ ᠭᠦᠢᠯᠭᠡᠭᠡᠨ ᠤ ᠴᠢᠭᠯᠡᠯ ᠢ ᠣᠨᠣᠪᠴᠢᠲᠠᠶ ᠲᠡᠮᠳᠡᠭᠯᠡᠵᠦ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠶᠤᠯᠭᠦᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠥᠮᠥᠰ ᠤᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠦᠬᠦ ᠰᠢᠶᠠᠩ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠪᠠ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号