| ᠯᠠᠢ ᠵᠧᠦ ᠱᠠᠨ ᠰᠧ ᠲᠧ ᠮᠠᠰᠢᠨ ᠲᠡᠷᠭᠡᠨ ᠤ ᠰᠡᠯᠪᠢᠭ ᠲᠣᠨᠤᠭ ᠤᠨ ᠬᠢᠵᠠᠭᠠᠷᠲᠤ ᠺᠣᠮᠫᠠᠨᠢ ᠶᠢᠨ ᠵᠢᠯ ᠳᠤ 15 | ᠲᠦᠮᠡᠨ ᠲᠣᠨ ᠲᠣᠷᠣᠮᠰᠤᠯᠠᠭᠤᠷ ᠦᠢᠯᠡᠳᠪᠦᠷᠢᠯᠡᠬᠦ ᠲᠥᠷᠥᠯ ᠵᠦᠢᠯ ᠳᠤ 3 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠣᠶ᠂ ᠪᠦᠲᠦᠭᠡᠨ ᠪᠠᠶᠢᠭᠤᠯᠬᠤ ᠭᠠᠵᠠᠷ ᠨᠢ ᠠᠤᠬᠠᠨ ᠬᠤᠰᠢᠭᠤᠨ ᠤ ᠰᠢᠨ ᠬᠤᠶ | ᠠᠵᠤ ᠦᠢᠯᠡᠰ ᠤᠨ ᠬᠦᠷᠢᠶᠡᠯᠡᠩ ᠳᠤ ᠪᠣᠶ᠃ | ᠪᠠᠷᠢᠯᠭ᠎ᠠ ᠶᠢᠨ ᠵᠦᠢᠯᠡᠰ ᠢ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠨᠢᠭᠡᠳᠦᠭᠡᠷ | ᠬᠤᠭᠤᠴᠠᠭᠠᠨ ᠳᠤ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠭᠤᠣᠯᠳᠠᠭᠤ ᠠᠯᠪᠠᠨ | ᠠᠰᠠᠷ᠂ ᠨᠢᠭᠡ ᠰᠠᠭᠤᠷᠢ ᠦᠢᠯᠡᠳᠪᠦᠷᠢ ᠶᠢᠨ ᠭᠡᠷ ᠪᠠᠶᠢᠰᠢᠩ ᠵᠢᠴᠢ ᠲᠤᠰᠠᠯᠠᠬᠤ ᠭᠡᠷ ᠪᠠᠶᠢᠰᠢᠩ ᠢ ᠪᠦᠲᠦᠭᠡᠨ | ᠪᠠᠶᠢᠭᠤᠯᠵᠤ᠂ ᠪᠠᠷᠢᠯᠭ᠎ᠠ ᠶᠢᠨ ᠲᠠᠯᠠᠪᠠᠢ ᠶᠢ 16000 ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ︔ ᠬᠤᠶᠠᠳᠤᠭᠠᠷ | ᠬᠤᠭᠤᠴᠠᠭᠠᠨ ᠳᠤ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠭᠤᠣᠯᠳᠠᠭᠤ ᠬᠤᠶᠠᠷ | ᠰᠠᠭᠤᠷᠢ ᠦᠢᠯᠡᠳᠪᠦᠷᠢ ᠶᠢᠨ ᠭᠡᠷ ᠪᠠᠶᠢᠰᠢᠩ ᠪᠠ ᠲᠤᠰᠠᠯᠠᠬᠤ ᠭᠡᠷ ᠪᠠᠶᠢᠰᠢᠩ ᠪᠠᠷᠢᠵᠤ᠂ ᠪᠠᠷᠢᠯᠭ᠎ᠠ ᠶᠢᠨ ᠲᠠᠯᠠᠪᠠᠢ ᠶᠢ | 22000 ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ᠃ | ᠣᠳᠣᠬᠠᠨ ᠳᠤ᠂ ᠲᠤᠰ ᠲᠦᠷᠦᠯ ᠵᠦᠢᠯ ᠤᠨ ᠱᠦᠢᠨᠢ ᠴᠢᠳᠬᠤᠬᠤ ᠰᠠᠭᠤᠷᠢ ᠨᠢᠭᠡᠨᠲᠡ ᠪᠦᠬᠦᠨ ᠢᠶᠠᠷ ᠢᠶᠠᠨ | ᠳᠠᠭᠤᠰᠴᠤ᠂ ᠪᠣᠯᠣᠳ ᠪᠠᠷᠢᠯᠭ᠎ᠠ ᠶᠢᠨ ᠦᠢᠯᠡᠳᠪᠦᠷᠢ ᠶᠢᠨ ᠪᠠᠶᠢᠰᠢᠩ ᠤᠭᠰᠠᠷᠠᠬᠤ ᠪᠠᠷ ᠪᠡᠯᠡᠳᠬᠡᠵᠦ ᠡᠬᠢᠯᠡᠪᠡ᠃ | ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠭᠠᠳ ᠦᠢᠯᠡᠳᠪᠦᠷᠢᠯᠡᠯ ᠳᠤ ᠣᠷᠣᠭᠤᠯᠵᠤ᠂ ᠵᠢᠯ ᠳᠤ 15 | ᠲᠦᠮᠡᠨ ᠲᠣᠨ ᠲᠣᠷᠣᠮᠰᠤᠯᠠᠭᠤᠷ ᠦᠢᠯᠡᠳᠪᠦᠷᠢᠯᠡᠵᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ 15 | ᠳ᠋ᠦᠩᠰᠢᠭᠤᠷ ᠲᠥᠭᠦᠷᠢᠭ ᠢ ᠳᠠᠪᠠᠵᠤ᠂ ᠠᠰᠢᠭ ᠭᠠᠶᠢᠯᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ | 300 ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠎ᠠ᠃ |