ᠠᠤᠬᠠᠨ ᠬᠤᠰᠢᠭᠤᠨ ᠤ ᠵᠠᠰᠠᠭ ᠤᠨ ᠣᠷᠳᠣᠨ 2023 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/1/17
   1 ᠰᠠᠷ᠎ᠠ ᠶᠢᠨ 16 ᠤ ᠡᠳᠦᠷ᠂ ᠬᠤᠰᠢᠭᠤᠨ ᠤ ᠵᠠᠰᠠᠭ ᠤᠨ ᠣᠷᠳᠣᠨ 2023 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠶᠢᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠦ ᠵᠠᠨ ᠯᠢ ᠬᠤᠷᠠᠯ ᠢ ᠡᠷᠭᠢᠯᠡᠵᠦ᠂ ᠭᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠵᠠᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠧᠨ ᠸᠧᠢ᠂ ᠬᠡᠰᠡᠭ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃    ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾︾ ᠢ ᠰᠣᠨᠣᠰᠴᠤ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠠᠤᠬᠠᠨ ᠬᠤᠰᠢᠭᠤᠨ ᠤ 2022 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠣᠯᠣᠨ 2023 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ᠂ ᠠᠤᠬᠠᠨ ᠬᠤᠰᠢᠭᠤᠨ ᠤ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ  ᠳᠣᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ ᠪᠠᠶᠢᠵᠤ᠂ ᠪᠥᠬᠦ ᠲᠠᠯ᠎ᠠ ᠪᠠᠷ  ᠳᠣᠭᠤᠰᠢᠯᠠᠭᠤᠯᠤᠨ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ  ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠠᠷᠠᠳ ᠤᠨ ᠬᠦᠰᠡᠯ ᠡᠷᠡᠮᠡᠯᠵᠡᠯ︾︾ ᠢ ᠢᠮᠠᠭᠲᠠ ︽ᠵᠠᠰᠠᠭ ᠶᠠᠪᠤᠭᠤᠯᠬᠤ ᠴᠢᠭᠯᠡᠯ︾ ᠪᠣᠯᠭᠠᠵᠤ᠂ ᠬᠤᠯᠪᠣᠭᠳᠠᠯ ᠪᠦᠬᠦᠢ ᠠᠵᠢᠯ ᠢᠶᠠᠨ ᠤᠯᠠᠮ ᠴᠢᠨᠠᠭᠰᠢᠳᠠ ᠭᠦᠨᠵᠡᠭᠡᠢ᠂ ᠨᠠᠷᠢᠯᠢᠭ᠂ ᠪᠣᠳᠠᠲᠠᠢ ᠪᠠᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠬᠤᠭᠤᠴᠠᠭ᠎ᠠ ᠶᠣᠰᠣᠭᠠᠷ ᠪᠡᠶᠡᠯᠡᠭᠳᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ  ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号